ᠨᠠᠰᠤᠲᠠᠳ ᠢᠶᠠᠨ ᠬᠦᠨᠳᠦᠯᠡᠵᠦ ᠨᠠᠰᠤᠲᠠᠳ ᠢᠶᠠᠨ ᠬᠠᠶᠢᠷᠠᠯᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠨᠠᠰᠤᠲᠠᠳ ᠢᠯᠠᠩᠭᠤᠶ᠎ᠠ ᠣᠨᠴᠠᠭᠠᠢ ᠬᠦᠴᠢᠷᠳᠡᠯᠲᠡᠢ ᠬᠥᠮᠦᠰ ᠤᠨ ᠠᠮᠢᠳᠤᠷᠠᠯ ᠤᠨ ᠬᠡᠷᠡᠭᠴᠡᠭᠡ ᠶᠢ ᠦᠨᠡᠨᠬᠦ | ᠰᠢᠢᠳᠪᠦᠷᠢᠯᠡᠬᠦ ᠶᠢᠨ ᠲᠥᠯᠥᠭᠡ᠂ ᠠᠭᠠᠷᠤᠲᠠᠢ ᠰᠤᠮᠤ 2025 ᠣᠨ ᠤ 1 ᠰᠠᠷ᠎ᠠ ᠳᠤ《 ᠵᠢᠷᠭᠠᠨ ᠴᠡᠩᠭᠡᠵᠦ ᠥᠨᠢ | ᠤᠳᠠᠭᠠᠨ ᠬᠠᠨᠢ ᠪᠣᠯᠬᠤ 》ᠮᠥᠩᠭᠦᠨ ᠦᠰᠦ ᠪᠠᠨ ᠰᠣᠯᠢᠵᠤ ᠦᠰᠦ ᠵᠠᠰᠠᠬᠤ ᠨᠡᠶᠢᠲᠡ ᠶᠢᠨ ᠠᠰᠠᠷᠠᠮᠵᠢ ᠶᠢᠨ | ᠲᠦᠷᠦᠯ ᠵᠦᠢᠯ ᠢ ᠵᠢᠩᠬᠢᠨᠢ ᠪᠠᠷ ᠡᠬᠢᠯᠡᠭᠦᠯᠪᠡ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠷᠢᠶ᠎ᠠ ᠣᠷᠣᠨ ᠤ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠰᠦ ᠵᠠᠰᠠᠬᠤ ᠦᠢᠯᠡᠴᠢᠯᠡᠭᠡ ᠶᠢ ᠨᠡᠶᠢᠲᠡ 50 ᠭᠠᠷᠤᠶ | ᠤᠳᠠᠭ᠎ᠠ ᠬᠠᠩᠭᠠᠵᠤ᠂ ᠡᠭᠦᠨ ᠳᠤ ᠭᠤᠤᠯᠳᠠᠭᠤ ᠭᠠᠭᠴᠠ ᠬᠡᠦᠬᠡᠳ ᠢᠶᠠᠨ ᠠᠯᠳᠠᠭᠰᠠᠨ᠂ ᠬᠦᠨᠳᠦ ᠵᠡᠮᠳᠡᠭ ᠵᠡᠷᠭᠡ | ᠣᠨᠴᠠ ᠬᠦᠴᠢᠷᠳᠡᠯᠲᠡᠶ ᠬᠥᠮᠦᠰ ᠲᠤ ᠬᠠᠶᠢᠷ᠎ᠠ ᠬᠠᠯᠠᠮᠵᠢ ᠬᠦᠷᠲᠡᠭᠡᠬᠦ ᠦᠢᠯᠡᠴᠢᠯᠡᠭᠡ ᠬᠠᠩᠭᠠᠪᠠ᠃ | | | | ᠠᠵᠢᠯᠯᠠᠭ᠎ᠠ ᠨᠢ《 ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ 》 ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠠᠷᠢᠶ᠎ᠠ ᠣᠷᠣᠨ ᠤ ᠳᠣᠲᠣᠷᠠᠬᠢ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠵᠡᠷᠭᠡ ᠤᠨᠴᠠᠭᠠᠢ ᠬᠦᠴᠢᠷᠳᠡᠯᠲᠡᠶ ᠬᠠᠮᠲᠤᠯᠢᠭ ᠲᠤ ᠴᠢᠭᠯᠡᠭᠦᠯᠦᠨ᠂ | 《ᠨᠡᠶᠢᠲᠡ ᠶᠢᠨ ᠠᠰᠠᠷᠠᠮᠵᠢ + ᠲᠦᠭᠡᠮᠡᠯ ᠬᠠᠷᠠᠭᠠᠯᠵᠠᠯ 》 ᠤᠨ ᠵᠠᠭᠪᠤᠷ ᠢᠶᠠᠷ ᠵᠦᠷᠢᠶᠡᠴᠢᠯᠡᠭᠰᠡᠨ ᠦᠢᠯᠡᠴᠢᠯᠡᠭᠡ | ᠬᠠᠩᠭᠠᠵᠤ᠂ ᠬᠦᠨᠳᠦ ᠵᠡᠮᠳᠡᠭ᠂ ᠭᠠᠭᠴᠠ ᠬᠡᠦᠬᠡᠳ ᠢᠶᠠᠨ ᠠᠯᠳᠠᠭᠰᠠᠨ ᠵᠡᠷᠭᠡ ᠬᠦᠴᠢᠷᠳᠡᠯᠲᠡᠶ ᠨᠠᠰᠤᠲᠠᠶᠢᠴᠤᠳ | ᠬᠦᠴᠦᠨ ᠪᠥᠬᠦᠶ ᠭᠡᠷᠡᠴᠢ ᠦᠨᠡᠮᠯᠡᠯ ᠢᠶᠠᠷ ᠢᠶᠠᠨ ᠵᠢᠭᠠᠨ ᠲᠣᠭᠲᠠᠭᠠᠭᠰᠠᠨ ᠦᠢᠯᠡᠴᠢᠯᠡᠭᠡᠨ ᠤ ᠴᠡᠭ ᠲᠤ ᠦᠨ᠎ᠡ | ᠲᠥᠯᠥᠪᠦᠷᠢ ᠥᠬᠡᠶ ᠦᠰᠦ ᠵᠠᠰᠠᠬᠤ ᠦᠢᠯᠡᠴᠢᠯᠡᠭᠡ ᠭᠥᠷᠳᠡᠵᠦ᠂ ᠪᠤᠰᠤᠳ ᠨᠠᠰᠤᠲᠠᠶᠢᠴᠤᠳ ᠲᠤ ᠪᠣᠯ ᠬᠠᠭᠠᠰ | ᠦᠨ᠎ᠡ ᠶᠢᠨ ᠬᠠᠷᠠᠭᠠᠯᠵᠠᠯ ᠬᠦᠷᠲᠡᠭᠡᠨ᠎ᠡ᠃ ᠮᠡᠷᠭᠡᠨ ᠭᠠᠴᠠᠭᠠᠨ ᠤ《 ᠴᠤᠤ ᠫᠠᠶ ᠳᠦᠷᠢ ᠪᠦᠲᠦᠭᠡᠬᠦ ᠠᠵᠢᠯ ᠤᠨ | ᠲᠠᠰᠤᠭ 》ᠪᠣᠯᠤᠨ ᠤᠯᠠᠯᠵᠢ ᠲᠠᠪᠤᠳᠤᠭᠠᠷ ᠲᠣᠰᠬᠤᠨ ᠤ《 ᠳ᠋ᠦᠩ ᠮᠧᠶ ᠬᠠᠶᠢᠴᠢᠯᠠᠵᠤ ᠵᠢᠰᠦ ᠭᠤᠶᠣᠯᠠᠨ ᠦᠰᠦ | ᠵᠠᠰᠠᠬᠤ》 ᠪᠠᠷ ᠲᠣᠭᠲᠠᠮᠠᠯ ᠦᠢᠯᠡᠴᠢᠯᠡᠭᠡᠨ ᠤ ᠴᠡᠭ ᠪᠣᠯᠭᠠᠵᠤ᠂ ᠣᠨᠴᠠᠭᠠᠶᠢᠯᠠᠨ ᠵᠡᠮᠳᠡᠭᠴᠦᠳ ᠲᠤ ᠤᠷᠢᠳ ᠢᠶᠠᠷ | ᠦᠢᠯᠡᠴᠢᠯᠡᠬᠦ ᠵᠠᠮ ᠢ ᠨᠡᠭᠡᠭᠡᠬᠦ ᠶᠢᠨ ᠬᠠᠮᠲᠤ ᠮᠡᠷᠭᠡᠵᠢᠯ ᠨᠢ ᠪᠣᠯᠪᠠᠰᠤᠷᠠᠩᠭᠤᠶ ᠦᠰᠦ ᠵᠠᠰᠠᠭᠴᠢ ᠶᠢ ᠴᠡᠭ ᠲᠤ | ᠰᠠᠭᠤᠯᠭᠠᠨ ᠦᠢᠯᠡᠴᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠪᠠ᠃ | ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠬᠦᠨᠳᠦ ᠵᠡᠮᠳᠡᠭ᠂ ᠭᠠᠭᠴᠠ ᠬᠡᠦᠬᠡᠳ ᠢᠶᠠᠨ ᠠᠯᠳᠠᠭᠰᠠᠨ | ᠨᠠᠰᠤᠲᠠᠶᠢᠴᠤᠳ ᠤᠨ ᠶᠠᠪᠤᠵᠤ ᠰᠠᠭᠤᠬᠤ ᠳᠤ ᠳᠥᠭᠦᠮ ᠦᠭᠡᠢ《 ᠦᠰᠦ ᠵᠠᠰᠠᠬᠤ ᠳᠤ ᠬᠦᠴᠢᠷᠲᠡᠶ 》ᠪᠠᠶᠢᠬᠤ | ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠲᠤᠰᠠᠯᠠᠮᠵᠢ ᠭᠥᠷᠳᠡᠭᠰᠡᠨ ᠣᠯᠠᠨ ᠨᠠᠰᠤᠲᠠᠨ :《ᠵᠠᠰᠠᠭ ᠤᠨ ᠣᠷᠳᠣᠨ | ᠦᠢᠯᠡᠴᠢᠯᠡᠭᠡ ᠶᠢ ᠬᠡᠷ ᠤᠨ ᠢᠶᠠᠨ ᠡᠭᠦᠳᠡᠨ ᠳᠤ ᠬᠦᠷᠭᠡᠬᠦ ᠨᠢ ᠵᠣᠭᠤᠰ ᠲᠤ ᠠᠷᠪᠢᠲᠠᠶ ᠮᠥᠷᠲᠡᠭᠡᠨ ᠰᠠᠨᠠᠭ᠎ᠠ | ᠠᠮᠤᠷ》ᠬᠤᠶᠠᠷ ᠦᠢᠯᠡᠴᠢᠯᠡᠭᠡᠨ ᠤ ᠴᠡᠭ ᠨᠢ ᠨᠠᠩ ᠴᠤ ᠪᠣᠯᠪᠠᠰᠤᠨ ᠬᠡᠪ ᠰᠤᠷᠲᠠᠯ ᠢ ᠤᠯᠠᠮᠵᠢᠯᠠᠬᠤ ᠴᠣᠩᠬᠤ ᠪᠣᠯᠵᠣ᠂ | ᠨᠠᠩ ᠣᠯᠠᠨ ᠠᠷᠠᠯᠵᠢᠶᠠᠴᠢᠳ ᠢ ᠳᠠᠶᠢᠴᠢᠯᠠᠨ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠤᠨ ᠬᠡᠷᠡᠭᠴᠡᠭᠡ | ᠱᠠᠭᠠᠷᠳᠠᠯᠭ᠎ᠠ ᠶᠢ ᠠᠩᠬᠠᠷᠤᠭᠤᠯᠪᠠ᠃ | ᠲᠠᠷᠠᠭᠠᠴᠢ ᠪᠠᠷ᠂ ᠵᠢᠦ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠦᠷᠭᠦᠯᠵᠢᠯᠡᠨ ᠠᠭᠠᠷᠣᠲᠠᠢ | ᠰᠤᠮᠤ ᠲᠠᠢ ᠭᠠᠷ ᠬᠤᠯᠪᠣᠨ ᠨᠠᠰᠤᠲᠠᠶᠢᠴᠤᠳ ᠢ ᠬᠠᠪᠰᠤᠷᠤᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠨᠠᠩ ᠣᠯᠠᠨ ᠨᠠᠰᠤᠲᠠᠶᠢᠴᠤᠳ ᠲᠤ ᠳᠣᠭᠢᠷᠠᠬᠤ ᠦᠢᠯᠡᠴᠢᠯᠡᠭᠡᠨ ᠤ ᠲᠥᠷᠥᠯ | ᠵᠦᠢᠯ ᠢ ᠬᠠᠶᠢᠨ ᠰᠦᠪᠡᠭᠴᠢᠯᠡᠵᠦ᠂ ᠨᠠᠰᠤᠲᠠᠶᠢᠴᠤᠳ ᠢ ᠬᠦᠨᠳᠦᠳᠬᠡᠨ ᠵᠡᠮᠳᠡᠭᠴᠦᠳ ᠢ ᠲᠤᠰᠠᠯᠠᠬᠤ ᠬᠠᠯᠠᠭᠤᠨ | ᠳᠤᠯᠠᠭᠠᠨ ᠰᠤᠷᠲᠠᠯ ᠢ ᠲᠠᠯ᠎ᠠ ᠨᠤᠲᠤᠭ ᠤᠨ ᠮᠠᠯᠵᠢᠬᠤ ᠣᠷᠣᠨ ᠳᠤ ᠳᠡᠯᠭᠡᠷᠡᠭᠦᠯᠦᠨ᠎ᠡ᠃ | | | | | |