ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠮᠠᠨ ᠤ ᠲᠤᠭᠤᠷᠢᠭ ᠤᠨ《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ》 ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/3/17
    3 ᠰᠠᠷ᠎ᠠ ᠶᠢᠨ 12  ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠠ ᠰᠢᠶᠤᠤ ᠸᠧᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠵᠠᠩ ᠯᠢ ᠵᠢᠶᠦ᠋ᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠳᠠᠭᠠᠭᠤᠯᠤᠨ ᠮᠠᠨ ᠤ ᠲᠤᠭᠤᠷᠢᠭ ᠤᠨ ᠳᠠᠯᠠᠨ ᠪᠤᠯᠠᠭ ᠪᠠᠯᠭᠠᠰᠤᠨ ᠳᠤ ᠭᠦᠨᠵᠡᠭᠡᠶᠢᠷᠡᠵᠦ᠂ ᠮᠠᠨ ᠤ ᠲᠤᠭᠤᠷᠢᠭ ᠤᠨ《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ》 ᠶᠢ ᠲᠤᠤᠱᠯᠠᠭᠤᠯᠤᠨ ᠬᠡᠷᠡᠭᠵᠢᠭᠦᠯᠬᠦ ᠲᠤᠬᠠᠶ ᠲᠤᠬᠠᠶ ᠶᠢᠨ ᠭᠠᠵᠠᠷ ᠤᠨ ᠪᠠᠶᠢᠴᠠᠭᠠᠯᠲᠠ ᠪᠠ ᠠᠵᠢᠯ ᠤᠨ ᠵᠢᠯᠣᠭᠤᠳᠣᠯᠭ᠎ᠠ ᠬᠢᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠬᠤᠸᠠ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠥᠩ ᠳ᠋ᠠᠨ ᠬᠤᠸᠠ ᠵᠢᠴᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂  ᠳᠠᠯᠠᠨ ᠪᠤᠯᠠᠭ ᠪᠠᠯᠭᠠᠰᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃
111.jpg
    ᠪᠠᠶᠢᠴᠠᠭᠠᠬᠤ ᠳᠤᠭᠤᠶᠢᠯᠠᠩ ᠤᠷᠢᠳ ᠬᠤᠵᠢᠳ ᠳᠠᠯᠠᠨ ᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂  ᠮᠢᠩ ᠲᠢᠶᠠᠨ ᠺᠧ ᠵᠢᠢ  ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠲᠤ ᠬᠦᠷᠴᠦ᠂ ᠲᠠᠯᠠᠪᠠᠶ ᠣᠷᠳᠣᠨ ᠤ ᠬᠠᠲᠠᠭᠤ ᠲᠣᠨᠤᠭ᠂ ᠵᠥᠭᠡᠯᠡᠨ ᠲᠣᠨᠤᠭ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠠᠮᠠᠭᠠᠯᠠᠯᠲᠠ ᠬᠠᠮᠢᠶᠠᠷᠤᠯᠲᠠ᠂ ᠠᠵᠢᠯᠲᠠᠨ ᠤ ᠲᠣᠬᠢᠷᠠᠭᠤᠯᠤᠯᠲᠠ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠥᠷᠨᠢᠭᠦᠯᠬᠦ ᠵᠡᠷᠭᠡ ᠲᠠᠯ᠎ᠠ ᠶᠢᠨ ᠠᠵᠢᠯ ᠢ ᠨᠠᠷᠢᠨ ᠣᠶᠢᠯᠠᠭᠠᠬᠤ ᠪᠠᠷ ᠳᠡᠮᠵᠢᠨ ᠬᠠᠷᠢᠭᠤ ᠮᠡᠳᠡᠭᠦᠯᠦᠯᠲᠡ ᠰᠣᠨᠣᠰᠬᠤ ᠪᠠ ᠲᠤᠬᠠᠶ ᠶᠢᠨ ᠲᠠᠯᠠᠪᠠᠶ ᠶᠢᠨ ᠰᠣᠯᠢᠯᠴᠠᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠮᠠᠨ ᠤ ᠲᠤᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠪᠠ᠃
222.jpg
    ᠪᠠᠶᠢᠴᠠᠭᠠᠬᠤ ᠳᠤᠭᠤᠶᠢᠯᠠᠩ ᠠᠴᠠ ᠮᠠᠨ ᠤ ᠲᠤᠭᠤᠷᠢᠭ ᠤᠨ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ》 ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠵᠢᠴᠢ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠦᠬᠦᠢ ᠰᠠᠨᠠᠯ ᠪᠣᠯᠤᠨ ᠰᠠᠨᠠᠭᠤᠯᠭ᠎ᠠ ᠪᠠᠨ ᠴᠢᠭᠯᠡᠭᠦᠯᠬᠦ ᠴᠢᠨᠠᠷᠲᠠᠶ ᠪᠠᠷ ᠳᠤᠷᠠᠳᠤᠭᠰᠠᠨ ᠪᠠᠶᠢᠨ᠎ᠠ᠃    ᠪᠠᠶᠢᠴᠠᠭᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠨᠢᠭᠡ ᠳᠤ ᠨᠢᠭᠡᠨᠲᠡ ᠪᠠᠶᠢᠭᠤᠯᠤᠭᠰᠠᠨ ᠰᠣᠶᠣᠯ ᠤᠨ ᠵᠢᠭᠰᠠᠭᠠᠯ ᠤᠨ ᠭᠠᠵᠠᠷ ᠢᠶᠠᠷ ᠭᠤᠣᠯᠳᠠᠯᠭ᠎ᠠ ᠪᠣᠯᠭᠠᠨ᠂ ᠲᠠᠷᠢᠶᠠᠴᠢᠨ ᠲᠦᠮᠡᠨ ᠤ ᠠᠳᠠᠯᠢ ᠪᠤᠰᠤ ᠰᠣᠶᠣᠯ ᠤᠨ ᠬᠡᠷᠡᠭᠴᠡᠭᠡ ᠶᠢ ᠦᠨᠳᠦᠰᠦᠯᠡᠨ᠂ ᠣᠯᠠᠨ ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠶ ᠣᠷᠳᠣᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ︔ ᠬᠤᠶᠠᠷ ᠲᠤ ᠣᠯᠠᠨ ᠨᠡᠶᠢᠲᠡ ᠶᠢᠨ ᠰᠣᠶᠣᠯ ᠤᠨ ᠡᠩᠨᠡᠭᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠳᠣ ᠪᠠᠶᠢᠭ᠎ᠠ ᠤᠳᠬ᠎ᠠ ᠤᠷᠠᠯᠢᠭ ᠤᠨ ᠪᠦᠯᠬᠦᠮ᠂ ᠰᠣᠶᠣᠯ ᠤᠨ ᠴᠢᠳᠠᠪᠤᠷᠢᠲᠠᠨ ᠤ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠦᠨᠳᠦᠰᠦᠨ ᠱᠠᠲᠤᠨ ᠤ ᠰᠣᠶᠣᠯ ᠤᠨ ᠭᠤᠣᠯᠯᠠᠭᠴᠢ ᠬᠦᠴᠦᠨ᠂ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ︔ ᠭᠤᠷᠪᠠ ᠳᠤ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠯᠠᠨ ᠨᠡᠶᠢᠲᠡ ᠶᠢᠨ ᠰᠣᠶᠣᠯ ᠤᠨ ᠪᠡᠯᠡ ᠮᠥᠩᠭᠦ ᠶᠢᠨ ᠪᠠᠲᠤᠯᠠᠭ᠎ᠠ ᠪᠠ ᠪᠦᠬᠦ ᠠᠷᠠᠳ ᠤᠨ ᠤᠬᠠᠭᠤᠯᠭ᠎ᠠ ᠶᠢᠨ ᠲᠠᠯ᠎ᠠ ᠪᠠᠷ ᠬᠦᠴᠦ ᠲᠠᠯᠪᠢᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠲᠤᠯᠠᠬᠤ ᠬᠠᠤᠯᠢ ᠶᠢ ᠨᠡᠩ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号