ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ | ᠠᠮᠠᠨ ᠬᠥᠨᠳᠡᠶ ᠶᠢᠨ ᠡᠷᠡᠭᠦᠯ ᠮᠡᠨᠳᠦ ᠶᠢ ᠬᠠᠯᠠᠮᠵᠢᠯᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠠᠵᠢᠯᠴᠢᠨ ᠤ | ᠶᠡᠷᠦᠩᠬᠡᠶ ᠡᠪᠯᠡᠯ ᠵᠢᠤ ᠶᠤᠸᠠᠨ ᠲᠣᠭᠤᠷᠢᠭ ᠤᠨ ᠢ ᠵᠢᠶᠠ ᠠᠮᠠᠨ ᠬᠥᠨᠳᠡᠶ ᠶᠢᠨ ᠡᠭᠦᠳᠡᠨ ᠡᠮᠨᠡᠯᠭᠡ ᠶᠢᠨ ᠭᠠᠵᠠᠷ ᠲᠠᠢ | ᠬᠠᠮᠲᠤᠷᠠᠨ᠂ 2025 ᠣᠨ ᠤ 3 ᠰᠠᠷ᠎ᠠ ᠶᠢᠨ 13 ᠤ ᠡᠳᠦᠷ ᠰᠢᠨ ᠳ᠋ᠡ ᠠᠭᠤᠷᠬᠠᠶ ᠶᠢᠨ ᠦᠢᠯᠡᠰ ᠤᠨ | ᠺᠣᠮᠫᠠᠨᠢ ᠳᠤ《 ᠠᠮᠠᠨ ᠬᠥᠨᠳᠡᠶ ᠶᠢᠨ ᠡᠷᠡᠭᠦᠯ ᠮᠡᠨᠳᠦ ᠪᠥᠬᠦ ᠪᠡᠶ᠎ᠡ ᠶᠢᠨ ᠡᠷᠡᠭᠦᠯ ᠮᠡᠨᠳᠦ 》ᠭᠤᠤᠯ ᠰᠡᠳᠦᠪᠲᠦ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠯᠪᠠᠨ ᠵᠢᠷᠤᠮ ᠤᠨ ᠡᠮᠴᠢᠯᠡᠭᠡ ᠶᠢ ᠠᠵᠤ | ᠠᠬᠤᠶᠢᠯᠠᠯ ᠳᠤ ᠬᠦᠷᠭᠡᠬᠦ ᠶᠢᠨ ᠵᠣᠷᠢᠯᠭ᠎ᠠ ᠨᠢ ᠥᠷᠭᠡᠨ ᠣᠯᠠᠨ ᠠᠭᠤᠷᠬᠠᠶ ᠶᠢᠨ ᠠᠵᠢᠯᠲᠠᠨ ᠳᠤ ᠲᠤᠰᠬᠠᠶ | ᠮᠡᠷᠭᠡᠵᠢᠯ ᠤᠨ᠂ ᠳᠥᠭᠦᠮ ᠳᠥᠲᠡ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ | ᠲᠥᠯᠥᠭᠡ ᠶᠤᠮ᠃ | | | | ᠠᠵᠢᠯᠯᠠᠭ᠎ᠠ ᠳᠤ ᠪᠤᠭᠤᠲᠤ ᠬᠤᠲᠠ ᠶᠢᠨ ᠨᠠᠷᠠᠲᠤ ᠡᠮᠨᠡᠯᠭᠡ ᠶᠢᠨ ᠬᠤᠷᠢᠶᠠᠨ ᠤ ᠠᠮᠠᠨ ᠬᠥᠨᠳᠡᠶ ᠶᠢᠨ ᠲᠤᠰᠬᠠᠶ | ᠮᠡᠷᠭᠡᠵᠢᠯᠲᠡᠨ ᠢ ᠲᠤᠰᠬᠠᠶᠢᠯᠠᠨ ᠤᠷᠢᠵᠤ ᠲᠤᠬᠠᠶ ᠶᠢᠨ ᠲᠠᠯᠠᠪᠤᠷ ᠲᠤ ᠣᠴᠢᠭᠤᠯᠤᠨ᠂ ᠠᠵᠢᠯᠲᠠᠳ ᠲᠤ ᠲᠤᠰᠬᠠᠶ | ᠮᠡᠷᠭᠡᠵᠢᠯ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠵᠥᠪᠯᠡᠯᠭᠡ ᠪᠠ ᠠᠯᠪᠠᠨ ᠵᠢᠷᠤᠮ ᠤᠨ ᠡᠮᠴᠢᠯᠡᠭᠡᠨ ᠤ | ᠦᠢᠯᠡᠴᠢᠯᠡᠭᠡ ᠬᠠᠩᠭᠠᠪᠠ᠃ ᠠᠵᠢᠯᠲᠠᠳ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢ ᠠᠩᠬᠠᠷᠴᠤ᠂ ᠰᠠᠶᠢᠨ | ᠰᠠᠶᠢᠬᠠᠨ ᠠᠮᠠᠨ ᠬᠥᠨᠳᠡᠶ ᠶᠢᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠵᠥᠪ ᠪᠥᠭᠡᠳ | ᠵᠢᠷᠤᠮᠵᠢᠭᠰᠠᠨ ᠡᠳᠦᠷ ᠲᠤᠲᠤᠮ ᠤᠨ ᠠᠮᠠᠨ ᠬᠥᠨᠳᠡᠶ ᠶᠢ ᠴᠡᠪᠡᠷᠯᠡᠬᠦ ᠠᠷᠭ᠎ᠠ ᠮᠠᠶ᠋ᠢᠭ ᠢ ᠬᠡᠷᠡᠭᠯᠡᠬᠦ ᠶᠢ ᠠᠩᠬᠠᠷᠴᠤ᠂ | ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠠᠵᠢᠯᠲᠠᠳ ᠤᠨ ᠢᠶᠠᠨ ᠨᠠᠩ | ᠰᠠᠶᠢᠨ ᠪᠠᠶᠢᠳᠠᠯ ᠢᠶᠠᠷ ᠠᠵᠢᠯ ᠠᠮᠢᠳᠤᠷᠠᠯ ᠳᠤ ᠤᠷᠤᠭᠤᠯᠬᠤ ᠳᠤ ᠪᠠᠨ ᠬᠦᠴᠦ ᠨᠡᠮᠡᠷᠢᠯᠡᠨ᠎ᠡ᠃ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠤ ᠶᠤᠸᠠᠨ ᠲᠣᠭᠤᠷᠢᠭ ᠤᠨ | ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠨᠢᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯᠳᠠᠨ ᠢ | ᠬᠦᠳᠦᠯᠦᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠡᠮᠴᠢᠯᠡᠭᠦᠯᠵᠦ᠂ ᠨᠦᠬᠦᠬᠡ ᠲᠠᠯ᠎ᠠ ᠪᠠᠷ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠵᠢᠯᠳᠠᠨ ᠠᠵᠢᠯᠴᠢᠨ ᠳᠤ《 ᠠᠵᠢᠯᠳᠠᠨ | ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠵᠦᠭᠯᠡᠭᠦᠷ》《ᠬᠥᠳᠡᠯᠮᠦᠷᠢ ᠶᠢᠨ ᠬᠠᠮᠠᠭᠠᠯᠠᠯᠲᠠ ᠶᠢᠨ | ᠲᠦᠷᠢᠮ ᠤᠨ ᠲᠠᠶᠢᠯᠤᠮᠵᠢ》ᠵᠡᠷᠭᠡ ᠬᠡᠷᠡᠭᠯᠡᠭᠡᠨ ᠤ ᠮᠠᠲ᠋ᠧᠷᠢᠶᠠᠯ ᠢ ᠲᠠᠷᠬᠠᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡ | ᠪᠣᠯᠤᠨ ᠡᠷᠬᠡ ᠠᠰᠢᠭ ᠤᠨ ᠪᠠᠲᠤᠯᠠᠭ᠎ᠠ ᠶᠢ ᠵᠡᠷᠭᠡ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃ ᠠᠯᠪᠠᠨ ᠵᠢᠷᠤᠮ ᠤᠨ | ᠡᠮᠴᠢᠯᠡᠭᠡ ᠳᠠᠭᠤᠰᠬᠤ ᠦᠶ᠎ᠡ ᠳᠤ᠂ ᠠᠵᠢᠯᠲᠠᠨ ᠠᠵᠢᠯᠴᠢᠨ ᠳᠤ ᠦᠨ᠎ᠡ ᠲᠥᠯᠥᠪᠦᠷᠢ ᠥᠬᠡᠶ ᠪᠠᠷ 100 ᠬᠤᠪᠢ | ᠨᠠᠷᠢᠯᠢᠭ ᠰᠠᠶᠢᠬᠠᠨ ᠠᠮᠠᠨ ᠬᠥᠨᠳᠡᠶ ᠶᠢᠨ ᠰᠤᠪᠢᠯᠠᠯᠲᠠ ᠶᠢᠨ ᠪᠡᠯᠡᠭ ᠬᠦᠷᠭᠡᠵᠦ᠂ ᠠᠵᠢᠯᠲᠠᠨ ᠤ ᠢᠳᠡᠪᠬᠢᠲᠡᠶ | ᠣᠷᠣᠯᠴᠠᠯᠭ᠎ᠠ ᠶᠢ ᠬᠠᠷᠢᠭᠤᠯᠤᠨ᠎ᠠ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠳᠤ | ᠦᠢᠯᠡᠴᠢᠯᠡᠬᠦ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠠᠵᠢᠯᠲᠠᠨ ᠠᠵᠢᠯᠴᠢᠨ ᠳᠤ ᠨᠠᠩ ᠣᠯᠠᠨ ᠦᠨᠡᠨ | ᠪᠣᠳᠠᠲᠠᠶ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂《 ᠠᠵᠢᠯᠴᠢᠨ ᠤ ᠡᠪᠯᠡᠯ ᠲᠠᠨ ᠤ ᠳᠡᠷᠭᠡᠳᠡ | ᠪᠠᠶᠢᠬᠤ 》ᠦᠢᠯᠡᠴᠢᠯᠡᠭᠡᠨ ᠤ ᠠᠮᠠᠯᠠᠯᠲᠠ ᠶᠢ ᠭᠠᠷ ᠲᠤ ᠪᠠᠷᠢᠭᠳᠠᠮ᠎ᠠ ᠬᠠᠯᠠᠭᠤᠨ ᠳᠤᠯᠠᠭᠠᠨ ᠣᠶᠢᠯᠠᠭᠠᠯᠲᠠ ᠪᠣᠯᠭᠠᠨ | ᠬᠤᠪᠢᠷᠠᠭᠤᠯᠤᠨ᠎ᠠ᠃ | | | | | | |