ᠬᠤᠭᠤᠯᠠᠨ ᠬᠡᠷ ᠤᠨ ᠬᠤᠭ ᠨᠣᠪᠰᠢ ᠶᠢ ᠨᠠᠷᠢᠯᠢᠭ ᠵᠠᠰᠠᠵᠤ ᠴᠡᠪᠡᠷ ᠠᠷᠢᠭᠤᠨ ᠬᠤᠲᠠ ᠲᠣᠭᠤᠷᠢᠭ ᠢ ᠬᠦᠴᠦ ᠪᠠᠨ ᠬᠠᠮᠲᠤᠳᠬᠠᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2025/3/17
    ᠵᠢᠤ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠣᠯᠠᠨ ᠬᠢᠨᠠᠨ ᠰᠢᠯᠭᠠᠬᠤ ᠭᠠᠵᠠᠷ ᠢ ᠵᠣᠬᠢᠶᠠᠨ ᠪᠠᠶᠢᠭᠤᠯᠤᠨ ᠬᠠᠮᠵᠢᠯᠴᠠᠨ ᠬᠦᠴᠦᠯᠡᠵᠦ᠂ ᠬᠤᠭᠤᠯᠠᠨ ᠬᠡᠷ ᠤᠨ ᠬᠤᠭ ᠨᠣᠪᠰᠢ ᠶᠢ ᠵᠢᠷᠤᠮᠵᠢᠭᠤᠯᠤᠨ ᠬᠠᠮᠢᠶᠠᠷᠬᠤ ᠪᠠ ᠬᠠᠷᠢᠶ᠎ᠠ ᠲᠣᠭᠤᠷᠢᠭ ᠤᠨ ᠡᠷᠡᠭᠦᠯ ᠬᠠᠮᠠᠭᠠᠯᠠᠯ ᠤᠨ ᠨᠠᠷᠢᠯᠢᠭ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠲᠠᠰ ᠳᠡᠪᠰᠢᠬᠦ ᠶᠢ ᠠᠬᠢᠭᠤᠯᠪᠠ᠃
1111.jpg
    ᠰᠢᠷ᠎ᠠ ᠨᠤᠷ᠎ᠠ ᠶᠢᠨ ᠰᠢᠯᠭᠠᠨ ᠬᠢᠨᠠᠬᠤ ᠭᠠᠵᠠᠷ ᠨᠢ ᠬᠤᠭᠤᠯᠠᠨ ᠲᠢᠩᠬᠢᠮ ᠲᠣᠭᠤᠭᠠᠨ ᠬᠡᠷ ᠤᠨ ᠬᠤᠭ ᠨᠣᠪᠰᠢ ᠶᠢ ᠵᠠᠰᠠᠬᠤ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠵᠤ᠂ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠨᠢᠭᠡᠴᠡ ᠳᠤ《ᠬᠡᠪᠢᠰ ᠮᠠᠶ᠋ᠢᠭ》 ᠤᠨ ᠵᠢᠭᠰᠠᠭᠠᠨ ᠪᠠᠶᠢᠴᠠᠭᠠᠯᠲᠠ ᠥᠷᠨᠢᠭᠦᠯᠦᠨ᠎ᠡ᠃ ᠬᠠᠤᠯᠢ ᠬᠡᠷᠡᠭᠵᠢᠭᠦᠯᠬᠦ ᠠᠵᠢᠯᠲᠠᠳ ᠬᠤᠭᠤᠯᠠᠨ ᠬᠡᠷ ᠲᠣᠭᠤᠭᠠᠨ ᠬᠡᠷ ᠤᠨ ᠬᠤᠭ ᠨᠣᠪᠰᠢ ᠶᠢᠨ ᠰᠠᠪᠠ ᠶᠢᠨ ᠭᠠᠳᠠᠷ ᠲᠥᠷᠬᠦ ᠶᠢᠨ ᠴᠡᠪᠡᠷᠴᠡ᠂ ᠢᠯᠡᠳᠬᠡᠮᠵᠢ ᠶᠢᠨ ᠲᠣᠳᠣᠴᠠ᠂ ᠰᠠᠭᠤᠯᠠᠭ᠎ᠠ ᠶᠢᠨ ᠪᠦᠷᠢᠨ ᠪᠦᠲᠦᠨ ᠴᠢᠨᠠᠷ ᠵᠢᠴᠢ ᠳᠡᠯᠭᠡᠨ ᠲᠠᠯᠪᠢᠭᠰᠠᠨ ᠣᠷᠣᠨ ᠪᠦᠰᠡ ᠶᠢᠨ ᠠᠷᠢᠭᠤᠨ ᠴᠡᠪᠡᠷ ᠤᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠨᠡᠶᠢᠲᠡ 3 ᠨᠢᠭᠡᠴᠡ ᠶᠢ ᠵᠢᠭᠰᠠᠭᠠᠨ ᠪᠠᠶᠢᠴᠠᠭᠠᠵᠤ᠂ ᠢᠯᠡᠳᠬᠡᠮᠵᠢ ᠨᠢ ᠪᠠᠯᠠᠷᠬᠠᠶ᠂ ᠰᠠᠭᠤᠯᠠᠭ᠎ᠠ ᠶᠢᠨ ᠭᠬᠢᠷ ᠪᠤᠷᠲᠠᠭ᠂ ᠭᠠᠵᠠᠷ ᠤᠨ ᠭᠠᠳᠠᠷᠭᠤ ᠶᠢᠨ ᠲᠣᠰᠣᠨ ᠤ ᠪᠣᠬᠢᠷᠲᠤᠯ ᠵᠡᠷᠭᠡ ᠠᠰᠠᠭᠤᠳᠠᠯ ᠢ 3 ᠢᠯᠡᠷᠡᠭᠦᠯᠦᠭᠰᠡᠨ ᠤ ᠬᠠᠮᠲᠤ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 100% ᠳᠤ ᠬᠥᠷᠪᠡ᠃ ᠠᠮᠠᠷᠬᠠᠨ ᠰᠡᠷᠭᠦᠬᠦ ᠠᠰᠠᠭᠤᠳᠠᠯ ᠳᠤ ᠴᠢᠭᠯᠡᠭᠦᠯᠦᠨ᠂ ᠬᠢᠨᠠᠨ ᠰᠢᠯᠭᠠᠬᠤ ᠭᠠᠵᠠᠷ ᠬᠥᠳᠡᠯᠦᠩᠭᠦᠢ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂《 ᠭᠡᠨᠡᠳᠲᠡ ᠪᠠᠶᠢᠴᠠᠭᠠᠬᠤ + ᠡᠳᠦᠷ ᠲᠤᠲᠤᠮ ᠤᠨ ᠬᠢᠨᠠᠯᠲᠠ ᠲᠠᠯᠪᠢᠬᠤ 》 ᠪᠠᠷ ᠳᠠᠮᠵᠢᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠬᠤᠭᠤᠯᠠᠨ ᠭᠡᠷ ᠤᠨ ᠬᠤᠭ ᠨᠣᠪᠰᠢ ᠶᠢ ᠡᠮᠬᠢ ᠴᠡᠭᠴᠡ ᠲᠠᠢ ᠬᠤᠷᠢᠶᠠᠵᠤ ᠲᠡᠭᠡᠭᠡᠪᠦᠷᠢᠯᠡᠬᠦ ᠶᠢ ᠦᠨᠡᠨᠬᠦ ᠪᠠᠲᠤᠯᠠᠵᠤ᠂ ᠲᠣᠰᠣᠨ ᠤ ᠪᠣᠬᠢᠷᠲᠤᠯ᠂ ᠬᠤᠭ ᠨᠣᠪᠰᠢ ᠪᠤᠲᠠᠷᠠᠨ ᠤᠨᠠᠬᠤ ᠵᠡᠷᠭᠡ ᠬᠤᠲᠠ ᠶᠢᠨ ᠦᠵᠡᠮᠵᠢ ᠣᠷᠴᠢᠨ ᠲᠣᠭᠤᠷᠢᠨ ᠢ ᠨᠥᠯᠥᠭᠡᠯᠡᠬᠦ ᠠᠰᠠᠭᠤᠳᠠᠯ ᠭᠠᠷᠬᠤ ᠠᠴᠠ ᠵᠠᠶᠢᠯᠠᠰᠬᠢᠨ᠎ᠡ᠃    ᠬᠦᠨᠳᠡᠯᠡᠨ ᠭᠤᠤᠯᠳᠤ ᠵᠡᠭᠡᠯᠢ ᠶᠢᠨ ᠬᠢᠨᠠᠨ ᠰᠢᠯᠭᠠᠬᠤ ᠭᠠᠵᠠᠷ《ᠡᠬᠢ ᠡᠭᠦᠰᠦᠯ ᠠᠴᠠ ᠨᠢ ᠵᠠᠰᠠᠬᠤ᠂ ᠪᠦᠬᠦ ᠠᠷᠠᠳ ᠢᠶᠠᠷ ᠢᠶᠠᠨ ᠣᠷᠣᠯᠴᠠᠬᠤ》ᠣᠶᠢᠯᠠᠭᠠᠭᠳᠠᠬᠤᠨ ᠢ ᠪᠠᠷᠢᠮᠲᠠᠯᠠᠵᠤ᠂《 ᠤᠬᠠᠭᠤᠯᠭ᠎ᠠ + ᠬᠠᠤᠯᠢ ᠬᠡᠷᠡᠭᠵᠢᠭᠦᠯᠬᠦ 》ᠬᠠᠮ ᠠᠷᠭ᠎ᠠ ᠬᠡᠮᠵᠢᠶ᠎ᠡ ᠠᠪᠴᠠᠢ᠃ ᠨᠢᠭᠡ ᠲᠠᠯ᠎ᠠ ᠪᠠᠷ᠂ ᠳᠡᠯᠭᠡᠭᠦᠷ ᠲᠤ ᠣᠷᠣᠵᠤ ᠬᠠᠤᠯᠢ ᠲᠦᠭᠡᠮᠡᠯᠵᠢᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠢᠳᠡᠭᠡᠨ ᠤᠮᠳᠠᠭᠠᠨ ᠤ ᠬᠤᠳᠠᠯᠳᠤᠭᠠᠴᠢᠨ ᠳᠤ《ᠬᠤᠲᠠ ᠶᠢᠨ ᠦᠵᠡᠮᠵᠢ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ》ᠵᠡᠷᠭᠡ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠤᠳᠠᠯᠳᠤᠭᠠᠴᠢᠨ ᠡᠷᠦᠬᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠤᠨ ᠰᠠᠪᠠ ᠶᠢ ᠤᠬᠢᠶᠠᠨ ᠴᠡᠪᠡᠷᠯᠡᠬᠦ᠂ ᠵᠢᠷᠤᠮᠵᠢᠭᠤᠯᠤᠨ ᠳᠡᠯᠭᠡᠵᠦ ᠲᠠᠯᠪᠢᠬᠤ ᠵᠡᠷᠭᠡ ᠱᠠᠭᠠᠷᠳᠠᠯᠭ᠎ᠠ ᠶᠢ  ᠨᠠᠶᠢᠲᠠᠪᠦᠷᠢᠵᠢᠭᠤᠯᠤᠨ᠎ᠠ︔ ᠨᠦᠬᠦᠬᠡ ᠲᠠᠯ᠎ᠠ ᠪᠠᠷ᠂ ᠢᠦᠢ ᠾᠧ ᠲᠢᠶᠠᠨ ᠺᠣᠮᠫᠠᠨᠢ ᠲᠠᠢ ᠬᠠᠮᠲᠤᠷᠠᠨ ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ᠂ ᠰᠢᠨ ᠴᠦᠨ ᠵᠡᠭᠡᠯᠢ᠂ ᠲᠠᠷᠢᠶᠠᠯᠠᠩ ᠤᠨ ᠮᠠᠰᠢᠨ ᠵᠠᠮ ᠵᠡᠷᠭᠡ ᠭᠤᠣᠯᠳᠠᠯᠭ᠎ᠠ ᠲᠠᠢ ᠵᠠᠮ ᠤᠨ ᠬᠡᠰᠡᠭ ᠲᠤ《 ᠪᠣᠬᠢᠷᠲᠤᠯ  ᠢ ᠠᠷᠢᠯᠭᠠᠬᠤ》ᠠᠵᠢᠯᠯᠠᠭ᠎ᠠ ᠥᠷᠨᠢᠭᠦᠯᠵᠦ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢᠨ ᠰᠠᠪᠠ ᠶᠢ ᠭᠦᠨᠵᠡᠭᠡᠢ ᠴᠡᠪᠡᠷᠯᠡᠵᠦ᠂ ᠲᠤᠰᠬᠠᠢ ᠬᠡᠷᠡᠭᠯᠡᠬᠦ ᠣᠷᠣᠨ ᠪᠦᠰᠡ ᠶᠢ ᠲᠥᠯᠥᠪᠵᠢᠭᠦᠯᠦᠨ ᠲᠠᠯᠪᠢᠬᠤ ᠶᠢᠨ ᠬᠠᠮᠲᠤ ᠢᠯᠡᠳᠬᠡᠮᠵᠢ ᠳᠡᠮᠳᠡᠭ ᠲᠠᠯᠪᠢᠵᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠲᠤᠰᠤᠨ ᠤ ᠪᠣᠬᠢᠷᠲᠤᠯ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠡᠭᠦᠨ ᠠᠴᠠ ᠭᠠᠳᠠᠨ᠎ᠠ᠂ ᠬᠢᠨᠠᠨ ᠰᠢᠯᠭᠠᠬᠤ ᠭᠠᠵᠠᠷ ᠤᠨ ᠰᠢᠨ᠎ᠡ ᠶᠢ ᠡᠭᠦᠳᠦᠭᠰᠡᠨ《 ᠪᠣᠯᠵᠣᠨ ᠶᠠᠷᠢᠯᠴᠠᠬᠤ + ᠡᠷᠬᠢᠨ ᠬᠠᠷᠠᠬᠤ 》ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠨ ᠡᠷᠦᠬᠡ ᠲᠠᠢ ᠬᠠᠮᠲᠤ ᠪᠠᠷ ᠦᠨᠡᠨ ᠬᠦ ᠬᠡᠷᠡᠭᠵᠢᠭᠦᠯᠦᠭᠦᠰᠢᠲᠡᠶ ᠴᠡᠪᠡᠷᠯᠡᠨ ᠠᠷᠢᠯᠭᠠᠬᠤ ᠲᠥᠰᠦᠯ ᠵᠢᠴᠢ ᠲᠠᠷᠠᠭᠠᠴᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠵᠤ᠂ ᠬᠤᠳᠠᠯᠳᠤᠭᠠᠴᠢᠨ ᠡᠷᠦᠬᠡ ᠶᠢᠨ《 ᠰᠠᠨᠠᠭᠠᠴᠢᠯᠠᠭ᠎ᠠ ᠥᠬᠡᠶ ᠴᠡᠭᠴᠡᠯᠡᠨ ᠰᠠᠶᠢᠵᠢᠷᠠᠭᠤᠯᠬᠤ 》 ᠠᠴᠠ《 ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ 》ᠳᠠᠰᠢ ᠰᠢᠯᠵᠢᠬᠦ ᠶᠢ ᠳᠥᠯᠭᠢᠨ ᠠᠬᠢᠭᠤᠯᠪᠠ᠃    ᠬᠠᠷᠢᠶᠠᠲᠤ ᠣᠷᠣᠨ ᠤ ᠭᠤᠤᠯ ᠵᠠᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠦᠴᠢᠷᠳᠡᠯ ᠳᠤ ᠴᠢᠭᠯᠡᠭᠦᠯᠦᠨ᠂ ᠨᠠᠮᠤᠭ ᠤᠨ ᠡᠮᠦᠨᠡᠬᠢ ᠬᠢᠨᠠᠨ ᠰᠢᠯᠭᠠᠬᠤ ᠭᠠᠵᠠᠷ ᠢᠦᠶ ᠾᠧ ᠲᠢᠶᠠᠨ ᠺᠣᠮᠫᠠᠨᠢ ᠲᠠᠢ ᠬᠠᠮᠲᠤᠷᠠᠨ《 ᠵᠠᠮ ᠴᠡᠪᠡᠷᠯᠡᠬᠦ ᠠᠵᠢᠯᠯᠠᠭ᠎ᠠ》ᠥᠷᠨᠢᠭᠦᠯᠵᠦ᠂ ᠨᠠᠮᠤᠭ ᠤᠨ ᠡᠮᠦᠨᠡᠬᠢ ᠶᠡᠭᠡ ᠵᠠᠮ ᠤᠨ ᠬᠤᠶᠠᠷ ᠬᠠᠵᠠᠭᠤ ᠶᠢᠨ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠢᠴᠢ ᠨᠣᠭᠤᠭᠠᠷᠠᠭᠤᠯᠤᠯᠲᠠ ᠶᠢᠨ ᠪᠦᠰᠡ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ ᠠᠵᠢᠯᠯᠠᠭ᠎ᠠ ᠶᠢᠨ ᠳᠤᠮᠳᠠ᠂ ᠨᠡᠶᠢᠲᠡ 15 ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ᠂ 1 ᠭᠤᠬᠠᠲᠤ ᠲᠡᠷᠭᠡ᠂ ᠵᠠᠮ ᠳᠠᠭᠠᠤ ᠶᠢᠨ《 ᠳᠡᠪᠢᠰᠬᠡᠷ ᠥᠩᠭᠡ ᠶᠢ ᠣᠯᠵᠤ᠂ ᠣᠭ ᠥᠩᠭᠡ ᠶᠢ ᠢᠯᠡᠷᠡᠭᠦᠯᠬᠦ 》 ᠶᠢ ᠪᠡᠶᠡᠯᠡᠭᠦᠯᠪᠡ᠃ ᠡᠭᠦᠨ ᠤ ᠬᠠᠮᠲᠤ᠂ ᠬᠢᠨᠠᠨ ᠰᠢᠯᠭᠠᠬᠤ ᠭᠠᠵᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠦᠶ ᠾᠧ ᠲᠢᠶᠠᠨ ᠺᠣᠮᠫᠠᠨᠢ ᠶᠢ ᠱᠦᠭᠦᠷᠳᠡᠯᠲᠡ ᠶᠢᠨ ᠤᠳᠠᠭ᠎ᠠ ᠪᠠᠨ ᠨᠡᠮᠡᠭᠳᠡᠭᠦᠯᠵᠦ᠂ ᠵᠠᠮ ᠤᠨ ᠰᠢᠳᠦ᠂ ᠤᠰᠤ ᠬᠤᠷᠢᠶᠠᠬᠤ ᠠᠮᠠᠰᠠᠷ ᠵᠡᠷᠭᠡ ᠠᠮᠠᠷᠬᠠᠨ ᠪᠣᠬᠢᠷᠲᠤᠬᠤ ᠣᠷᠣᠨ ᠪᠦᠰᠡ ᠶᠢ ᠨᠠᠷᠢᠯᠢᠭᠵᠢᠭᠤᠯᠤᠨ ᠴᠡᠪᠡᠷᠯᠡᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ᠳᠠᠬᠢᠨ ᠨᠡᠮᠡᠭᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ《 ᠣᠳᠣᠬᠠᠨ ᠤ ᠵᠠᠰᠠᠯᠲᠠ 》ᠪᠠ《 ᠠᠯᠤᠰ ᠬᠡᠲᠦ ᠶᠢ ᠬᠠᠮᠢᠶᠠᠷᠬᠤ 》 ᠶᠢ ᠬᠠᠷᠢᠯᠴᠠᠨ ᠤᠶᠠᠯᠳᠤᠭᠤᠯᠵᠤ᠂ ᠡᠯ᠎ᠡ ᠬᠢᠨᠠᠨ ᠰᠢᠯᠭᠠᠬᠤ ᠭᠠᠵᠠᠷ ᠤᠨ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠵᠢᠦ ᠶᠤᠸᠠᠨ ᠲᠣᠭᠤᠷᠢᠭ ᠤᠨ ᠬᠤᠭᠤᠯᠠᠨ ᠬᠡᠷ ᠤᠨ ᠬᠤᠭ ᠨᠣᠪᠰᠢ ᠶᠢᠨ ᠡᠷᠦᠶ ᠬᠤᠷᠤᠶ ᠥᠬᠡᠶ ᠦᠵᠡᠭᠳᠡᠯ ᠢ ᠪᠦᠲᠦᠮᠵᠢᠲᠡᠶ ᠬᠤᠷᠢᠭᠯᠠᠵᠤ᠂ ᠬᠠᠷᠢᠶ᠎ᠠ ᠲᠣᠭᠤᠷᠢᠭ ᠤᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ᠃ ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠴᠡᠪᠡᠷ ᠴᠡᠮᠴᠡᠭᠡᠷ ᠡᠮᠬᠢ ᠵᠢᠷᠤᠮ ᠲᠠᠢ ᠪᠠᠷ ᠬᠤᠲᠠ ᠶᠢᠨ ᠬᠡᠪ ᠤᠨ ᠪᠠᠶᠢᠳᠠᠯ ᠪᠣᠯᠭᠠᠵᠤ᠂ ᠰᠠᠭᠤᠭᠠᠯᠢ ᠠᠷᠠᠳ ᠲᠤ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ ᠵᠣᠯ ᠵᠢᠷᠭᠠᠯᠲᠤ ᠬᠡᠷ ᠣᠷᠣᠨ ᠢ ᠪᠣᠶ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号