ᠵᠢᠤ ᠶᠤᠸᠠᠨ ᠲᠣᠭᠤᠷᠢᠭ《 DeepSeek  ᠲᠣᠮᠣ ᠵᠠᠭᠪᠤᠷ ᠤᠨ ᠠᠯᠪᠠᠯᠠᠬᠤ ᠪᠤᠳᠠᠲᠤ ᠪᠠᠶᠢᠯᠳᠤᠭᠠᠨ ᠤ ᠣᠨᠴᠠ ᠪᠣᠯᠪᠠᠰᠤᠷᠠᠯ》 ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/3/17
    ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠠᠵᠢᠯᠲᠠᠨ ᠤ ᠲᠣᠭᠠᠴᠢᠯᠠᠭᠰᠠᠨ ᠠᠯᠪᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠡᠷᠭᠢᠯᠡᠵᠦ᠂ ᠵᠢᠦ ᠶᠤᠸᠠᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠳᠠᠭᠠᠭᠠᠨ ᠡᠷᠭᠢᠯᠡᠭᠰᠡᠨ《 DeepSeek ᠲᠣᠮᠣ ᠵᠠᠭᠪᠤᠷ ᠤᠨ ᠠᠯᠪᠠᠯᠠᠬᠤ ᠪᠣᠳᠠᠲᠤ ᠪᠠᠶᠢᠯᠳᠤᠭᠠᠨ ᠤ ᠣᠨᠴᠠ ᠪᠣᠯᠪᠠᠰᠤᠷᠠᠯ》 ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ 3 ᠰᠠᠷ᠎ᠠ ᠶᠢᠨ 14  ᠤ ᠡᠳᠦᠷ ᠵᠢᠤ ᠶᠤᠸᠠᠨ ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯᠲᠠᠨ ᠵᠢᠴᠢ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠶᠢᠲᠡ 500 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
111.jpg 
      ᠲᠣᠰ ᠤᠳᠠᠭᠠᠨ ᠤ ᠪᠣᠯᠪᠠᠰᠤᠷᠠᠯ ᠳᠤ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠰᠦᠵᠧᠦ ᠶᠢᠨ ᠰᠤᠳᠤᠯᠭᠠᠨ ᠤ ᠬᠦᠷᠢᠶᠡᠯᠡᠩ ᠤᠨ ᠵᠣᠬᠢᠶᠠᠮᠠᠯ ᠣᠶᠤᠨ ᠴᠢᠳᠠᠪᠤᠷᠢ ᠶᠢᠨ ᠰᠤᠳᠤᠯᠭᠠᠨ ᠤ ᠲᠥᠪ ᠤᠨ ᠫᠷᠤᠹᠧᠰᠰᠤᠷ ᠯᠧᠢ ᠮᠢᠩ ᠢ ᠣᠨᠴᠠ ᠤᠷᠢᠵᠤ ᠭᠤᠤᠯᠯᠠᠨ ᠶᠠᠷᠢᠭᠤᠯᠪᠠ᠃ ᠯᠧᠢ ᠫᠷᠤᠹᠧᠰᠰᠤᠷ ᠲᠣᠮᠣ ᠬᠡᠯᠪᠡᠷᠢ ᠶᠢᠨ ᠬᠡᠯᠡᠨ ᠤ ᠵᠠᠭᠪᠤᠷ ᠤᠨ ᠬᠥᠭᠵᠢᠯᠲᠡ ᠶᠢᠨ ᠲᠡᠦᠬᠡ᠂ ᠬᠡᠷᠡᠭᠯᠡᠭᠡᠨ ᠤ ᠲᠠᠯᠠᠪᠤᠷ ᠵᠢᠴᠢ ᠬᠡᠷᠡᠭᠯᠡᠬᠦ ᠠᠷᠭ᠎ᠠ ᠮᠠᠶ᠋ᠢᠭ ᠢ ᠰᠢᠰᠲ᠋ᠧᠮ ᠲᠠᠢ ᠲᠠᠶᠢᠯᠪᠤᠷᠢᠯᠠᠪᠠ᠃《ᠣᠨᠣᠯ ᠤᠨ ᠲᠠᠶᠢᠯᠤᠮᠵᠢ + ᠪᠣᠳᠠᠲᠤ ᠪᠠᠶᠢᠯᠳᠤᠭᠠᠨ ᠤ ᠰᠣᠷᠢᠯᠲᠠ 》 ᠶᠢᠨ ᠰᠢᠨ᠎ᠡ ᠵᠠᠭᠪᠤᠷ ᠢᠶᠠᠷ ᠳᠠᠮᠵᠢᠭᠤᠯᠤᠨ᠂ ᠪᠣᠯᠪᠠᠰᠤᠷᠠᠯ ᠳᠤ ᠣᠷᠣᠯᠴᠠᠭᠰᠠᠳ ᠳ᠋ᠧᠦ ᠪᠤᠤ᠂ DeepSeek ᠵᠡᠷᠭᠡ AI ᠲᠣᠮᠣ ᠵᠠᠭᠪᠤᠷ ᠤᠨ ᠲᠠᠪᠴᠠᠩ ᠢ ᠠᠵᠢᠯᠯᠠᠭᠤᠯᠵᠤ᠂ ᠣᠶᠤᠨᠴᠢ ᠪᠢᠴᠢᠭᠯᠡᠯ ᠰᠢᠢᠳᠪᠦᠷᠢᠯᠡᠬᠦ᠂ PPT ᠨᠢᠭᠡ ᠳᠠᠷᠤᠪᠴᠢ ᠪᠠᠷ ᠪᠣᠶ ᠪᠣᠯᠭᠠᠬᠤ ᠵᠡᠷᠭᠡ ᠴᠢᠳᠠᠮᠵᠢ ᠶᠢ ᠭᠦᠨᠵᠡᠭᠡᠶ ᠪᠡᠶᠡᠴᠢᠯᠡᠨ ᠣᠶᠢᠯᠠᠭᠠᠵᠠᠶ᠃ ᠯᠸᠢ ᠫᠷᠤᠹᠧᠰᠰᠤᠷ ᠪᠣᠯᠪᠠᠰᠤᠷᠠᠭᠤᠯᠤᠯ ᠤᠨ ᠳᠤᠮᠳᠠ ᠪᠠᠨ ᠴᠢᠬᠤᠯᠠᠴᠢᠯᠠᠭᠰᠠᠨ ᠨᠢ᠂ ᠥᠪᠡᠷᠮᠢᠴᠡ ᠬᠡᠷᠡᠭᠯᠡᠯᠲᠡ ᠶᠢᠨ ᠶᠠᠪᠤᠴᠠ ᠶᠢ ᠪᠠᠶᠢᠭᠤᠯᠬᠤ᠂ ᠬᠤᠪᠢ ᠬᠥᠮᠦᠨ ᠤ ᠮᠡᠳᠡᠯᠭᠡ ᠶᠢᠨ ᠬᠥᠮᠥᠷᠭᠡ ᠶᠢ ᠲᠡᠭᠦᠯᠳᠡᠷᠵᠢᠭᠦᠯᠬᠦ᠂ ᠰᠠᠨᠠᠭᠤᠯᠤᠮᠵᠢ ᠶᠢᠨ ᠦᠭᠡ ᠶᠢ ᠰᠢᠯᠢᠳᠡᠭᠵᠢᠭᠦᠯᠬᠦ ᠵᠡᠷᠭᠡ ᠠᠷᠭ᠎ᠠ ᠪᠠᠷ ᠳᠠᠮᠵᠢᠭᠤᠯᠤᠨ᠂ ᠲᠣᠮᠣ ᠵᠠᠭᠪᠤᠷ ᠤᠨ ᠭᠠᠷᠭᠠᠯᠲᠠ ᠶᠢ ᠨᠠᠩ ᠣᠨᠣᠪᠴᠢᠲᠠᠶ ᠠᠯᠪᠠᠯᠠᠵᠤ ᠰᠢᠢᠳᠪᠦᠷᠢᠯᠡᠬᠦ ᠲᠥᠰᠦᠯ ᠪᠣᠯᠭᠠᠵᠤ ᠪᠣᠯᠤᠨ᠎ᠠ᠃
222.jpg
    ᠲᠠᠷᠠᠭᠠᠴᠢ ᠪᠠᠷ᠂ ᠮᠠᠨ ᠤ ᠲᠣᠪᠴᠢᠶ᠎ᠠ ᠪᠥᠬᠦ ᠲᠤᠭᠤᠷᠢᠭ ᠤᠨ ᠠᠵᠤ ᠠᠬᠤᠶᠢᠯᠠᠯ ᠳᠤ ᠨᠠᠩ ᠣᠯᠠᠨ ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠭᠤᠯᠵᠤ᠂ ᠡᠬᠢ ᠪᠠᠶᠠᠯᠢᠭ ᠢ ᠵᠣᠯᠭᠠᠭᠤᠯᠬᠤ᠂ ᠮᠡᠷᠭᠡᠵᠢᠯ ᠤᠨ ᠯᠠᠪᠯᠠᠭ᠎ᠠ ᠪᠠ ᠬᠠᠪᠰᠤᠷᠤᠨ ᠵᠢᠯᠣᠭᠤᠳᠣᠯᠭ᠎ᠠ ᠶᠢ ᠦᠷᠭᠦᠯᠵᠢᠯᠡᠨ ᠬᠠᠩᠭᠠᠵᠤ᠂ ᠨᠠᠩ ᠣᠯᠠᠨ ᠠᠵᠤ ᠠᠬᠤᠶᠢᠯᠠᠯ ᠢ ᠵᠣᠷᠢᠭᠲᠠᠶ ᠪᠠᠷ ᠬᠡᠷᠡᠭᠯᠡᠵᠦ᠂  ᠬᠡᠷᠡᠭᠯᠡᠵᠦ ᠴᠢᠳᠠᠬᠤ᠂ AI ᠶᠢ ᠰᠠᠶᠢᠲᠤᠷ ᠬᠡᠷᠡᠭᠯᠡᠵᠦ᠂ AI ᠮᠡᠷᠭᠡᠵᠢᠯ ᠤᠨ ᠡᠨᠧᠷᠭᠢ ᠣᠯᠭᠤᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号