ᠯᠢᠦ ᠵᠢᠶᠦ᠋ᠨ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
            ᠯᠢᠦ ᠵᠢᠶᠦ᠋ᠨ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ            ᠵᠢᠴᠢ ᠵᠢᠦ ᠶᠤᠸᠠᠨ ᠲᠣᠭᠤᠷᠢᠭ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ            ᠢᠯᠵᠠᠷᠠᠯ ᠤᠨ ᠠᠰᠠᠭᠤᠳᠠᠯ ᠤᠨ ᠪᠠᠶᠢᠩᠭᠤᠵᠢᠭᠤᠯᠤᠭᠰᠠᠨ ᠢ ᠲᠥᠪᠯᠡᠷᠡᠭᠦᠯᠦᠨ ᠴᠡᠭᠴᠡᠯᠡᠨ ᠵᠠᠰᠠᠬᠤ            ᠪᠠᠶᠢᠷᠢᠯᠠᠭᠤᠯᠤᠯᠲᠠ ᠶᠢᠨ ᠬᠤᠷᠠᠯ ᠪᠠ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ             ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ ᠢ            ᠡᠷᠬᠢᠯᠡᠨ ᠬᠤᠷᠠᠯᠳᠤᠭᠤᠯᠪᠠ    3 ᠰᠠᠷ᠎ᠠ ᠶᠢᠨ 14  ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠵᠢᠶᠦ᠋ᠨ ᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠵᠢᠤ ᠶᠤᠸᠠᠨ ᠲᠣᠭᠤᠷᠢᠭ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ ᠪᠠᠶᠢᠩᠭᠤᠵᠢᠭᠤᠯᠤᠭᠰᠠᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂《 ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠲᠦᠷᠢᠮ 》《 ᠨᠠᠮ ᠤᠨ ᠬᠤᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠺᠠᠳ᠋ᠷ ᠢ ᠲᠣᠮᠢᠯᠠᠵᠤ ᠪᠠᠭᠤᠯᠭᠠᠬᠤ ᠵᠦᠢᠯᠡᠰ ᠢ ᠶᠠᠷᠢᠯᠴᠠᠨ ᠲᠣᠭᠲᠠᠭᠠᠬᠤ ᠰᠠᠬᠢᠬᠤ ᠲᠦᠷᠢᠮ 》᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠂ ᠰᠦᠨ ᠱᠤᠤ ᠴᠧᠩ ᠱᠦᠵᠢ ᠶᠢᠨ ᠵᠢᠦ ᠶᠤᠸᠠᠨ ᠲᠤᠭᠤᠷᠢᠭ ᠤᠨ ᠲᠤᠬᠠᠶ ᠬᠠᠮᠠᠭᠠᠯᠠᠯᠲᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠤᠭᠰᠠᠨ ᠥᠬᠡᠶ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠨᠡᠶᠢᠲᠡᠯᠢᠭ ᠠᠰᠠᠭᠤᠳᠠᠯ ᠤᠨ ᠵᠠᠷᠯᠠᠨ ᠮᠡᠳᠡᠭᠳᠡᠯ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ《 2025 ᠣᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠴᠢᠬᠤᠯᠠ ᠵᠦᠢᠯᠡᠰ ᠢ ᠲᠣᠬᠢᠷᠠᠭᠤᠯᠬᠤ ᠰᠠᠨᠠᠭᠤᠯᠤᠮᠵᠢ ᠶᠢ ᠰᠠᠶᠢᠲᠤᠷ ᠠᠳᠬᠤᠬᠤ ᠲᠤᠬᠠᠶ 》ᠪᠠ ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ《 2025 ᠣᠨ ᠤ ᠪᠥᠬᠦ ᠤᠷᠤᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ》᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠬᠠᠮᠢᠶ᠎ᠠ ᠪᠥᠬᠦᠶ ᠬᠤᠷᠠᠯ ᠪᠠ ᠲᠥᠪ ᠬᠤᠷᠢᠶᠠᠨ ᠤ ᠠᠯᠪᠠᠨ ᠲᠢᠩᠬᠢᠮ ᠤᠨ《 ᠨᠠᠮ ᠤᠨ ᠬᠤᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠣᠭᠲᠠᠭᠠᠯ 》 ᠤᠨ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠤᠯᠠᠮᠵᠢᠯᠠᠨ ᠰᠤᠷᠤᠯᠴᠠᠭᠤᠯᠪᠠ︔ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠤ ᠶᠤᠸᠠᠨ ᠲᠤᠭᠤᠷᠢᠭ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ 2025 ᠣᠨ ᠤ ᠨᠢᠭᠡᠳᠦᠭᠡᠷ ᠤᠯᠠᠷᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ 2021—2024 ᠣᠨ ᠤ ᠪᠥᠬᠦ ᠲᠤᠭᠤᠷᠢᠭ ᠤᠨ ᠲᠣᠭᠤᠷᠢᠨ ᠪᠠᠶᠢᠴᠠᠭᠠᠬᠤ ᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ 《  ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ》《 ᠵᠢᠤ ᠶᠤᠸᠠᠨ ᠲᠤᠭᠤᠷᠢᠭ ᠤᠨ 2025 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ》《ᠲᠤᠭᠤᠷᠢᠭ ᠤᠨ ᠨᠠᠮ ᠤᠨ ᠬᠤᠷᠢᠶᠠᠨ ᠤ 2025 ᠣᠨ ᠤ ᠲᠣᠭᠤᠷᠢᠨ ᠪᠠᠶᠢᠴᠠᠭᠠᠬᠤ ᠠᠵᠢᠯ ᠤᠨ ᠭᠤᠣᠯᠳᠠᠯᠭ᠎ᠠ》 ᠶᠢ ᠰᠤᠳᠤᠯᠤᠨ ᠬᠢᠨᠠᠨ ᠵᠥᠪᠯᠡᠪᠡ︔ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠬᠤᠪᠢᠶᠠᠷᠢᠯᠠᠯ ᠤᠨ ᠶᠠᠪᠤᠳᠠᠯ ᠢ ᠰᠤᠳᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃    ᠬᠤᠷᠠᠯ ᠠᠴᠠ᠂ ᠠᠵᠢᠯ ᠤᠨ ᠪᠠᠶᠢᠳᠠᠯ ᠢᠶᠠᠨ ᠲᠤᠬᠢᠷᠠᠭᠤᠯᠤᠨ ᠰᠢᠯᠢᠳᠡᠭᠵᠢᠭᠦᠯᠵᠦ᠂《 ᠰᠢᠢᠳᠪᠦᠷᠢᠯᠡᠬᠦ ᠰᠡᠳᠬᠢᠬᠦᠢ ᠪᠤᠢ ᠪᠤᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠤ ᠠᠵᠢᠯ ᠤᠨ ᠪᠦᠲᠦᠮᠵᠢ ᠶᠢ ᠴᠢᠷᠮᠠᠶᠢᠨ ᠡᠭᠦᠳᠬᠦ 》ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠩᠬᠠᠷᠴᠤ᠂ ᠨᠡᠶᠢᠭᠡᠮ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠴᠢᠩᠭ᠎ᠠ ᠱᠠᠭᠠᠷᠳᠠᠯᠭ᠎ᠠ ᠨᠡᠩ ᠥᠨᠳᠥᠷ ᠪᠠᠷᠢᠮᠵᠢᠶ᠎ᠠ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠢᠷᠤᠮᠵᠢᠭᠰᠠᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠠᠵᠠᠷ ᠤᠷᠤᠨ ᠤ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠮᠦᠨ ᠰᠣᠩᠭᠤᠵᠤ ᠬᠥᠮᠦᠨ ᠬᠡᠷᠡᠭᠯᠡᠬᠦ ᠶᠢ ᠺᠠᠳ᠋ᠷ ᠤᠨ ᠠᠵᠢᠯ ᠤᠨ ᠭᠤᠣᠯᠳᠠᠯᠭ᠎ᠠ ᠪᠣᠯᠭᠠᠵᠤ᠂ ᠺᠠᠳ᠋ᠷ ᠢ ᠬᠥᠮᠦᠵᠢᠭᠦᠯᠵᠦ ᠬᠠᠮᠢᠶᠠᠷᠬᠤ ᠪᠠᠨ ᠴᠢᠩᠭᠠᠳᠬᠠᠨ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠡᠷᠭᠡ ᠳᠡᠪᠰᠢᠬᠦ ᠠᠷᠭ᠎ᠠ ᠵᠠᠮ ᠢ ᠰᠢᠯᠤᠭᠤᠳᠬᠠᠨ᠂ ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠪᠦᠬᠦ ᠲᠤᠭᠤᠷᠢᠭ ᠤᠨ ᠬᠥᠭᠵᠢᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠬᠤᠭᠤᠴᠠᠭ᠎ᠠ ᠶᠢ  ᠲᠤᠩᠭᠤᠷᠠᠭᠤᠯᠤᠨ ᠵᠢᠭᠰᠠᠭᠠᠵᠤ᠂ ᠠᠯᠬᠤᠮ ᠢᠶᠠᠨ ᠲᠦᠷᠭᠡᠳᠬᠡᠵᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠲᠦᠷᠢᠮ ᠲᠣᠭᠲᠠᠭᠠᠯ ᠲᠣᠭᠲᠠᠭᠠᠵᠤ᠂ ᠠᠵᠢᠯ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠠᠢ  ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠨ ᠳᠠᠮᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠢᠭᠡᠳᠦᠮᠡᠯ ᠹᠷᠣᠨᠲ ᠤᠨ ᠠᠵᠢᠯ ᠪᠣᠯᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠤᠯᠠᠨ ᠲᠦᠮᠡᠨ ᠤ ᠠᠵᠢᠯ ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠢᠭᠡᠳᠦᠮᠡᠯ ᠹᠷᠣᠨᠲ ᠤᠨ ᠠᠵᠢᠯ ᠢ ᠪᠦᠬᠦ ᠲᠤᠭᠤᠷᠢᠭ ᠤᠨ ᠠᠵᠢᠯ ᠤᠨ ᠪᠦᠬᠦ ᠲᠠᠯ᠎ᠠ ᠳᠤ ᠲᠠᠯᠪᠢᠵᠤ ᠲᠥᠯᠥᠪᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠭᠤᠣᠯ ᠴᠣᠭᠴᠠ ᠶᠢᠨ ᠭᠤᠣᠯ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠡᠳᠦᠷ ᠳᠤᠳᠤᠮ ᠤᠨ ᠠᠵᠢᠯ ᠥᠷᠨᠢᠭᠦᠯᠬᠦ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠲᠠ ᠤᠶᠠᠯᠳᠤᠭᠤᠯᠵᠤ᠂《 ᠠᠯᠳᠠᠭ᠎ᠠ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ 》ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠡᠶᠢᠲᠡᠯᠢᠭ ᠲᠤᠷᠰᠢᠯᠭ᠎ᠠ ᠶᠢ ᠠᠭᠤᠳᠠᠯᠵᠤ᠂ ᠪᠣᠳᠠᠲᠠᠢ ᠠᠵᠢᠯ ᠤᠨ ᠳᠤᠮᠳᠠ ᠪᠠᠨ ᠵᠢᠤ ᠶᠤᠸᠠᠨ ᠲᠤᠭᠤᠷᠢᠭ ᠤᠨ ᠥᠭᠡᠷᠡᠴᠢᠯᠡᠯᠲᠡ ᠶᠢᠨ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠶᠤᠯ ᠲᠦᠭᠰᠢᠭᠦᠷᠢ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠦᠬᠦ ᠣᠷᠣᠨ ᠪᠦᠰᠡ ᠶᠢᠨ ᠬᠢᠨᠠᠨ ᠬᠡᠮᠵᠢᠬᠦ᠂ ᠠᠭᠤᠰᠤᠯᠴᠠᠭᠤᠯᠤᠨ ᠤᠯᠠᠮᠵᠢᠯᠠᠬᠤ ᠵᠢᠭᠰᠠᠭᠠᠯ ᠤᠨ ᠭᠠᠵᠠᠷ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠯᠭᠠᠨ ᠬᠢᠨᠠᠬᠤ ᠰᠢᠰᠲ᠋ᠧᠮ ᠳᠤ ᠣᠷᠣᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ᠂ ᠪᠥᠬᠦ ᠲᠠᠯ᠎ᠠ ᠪᠠᠷ ᠡᠮᠬᠢᠯᠡᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠤᠤᠯᠳᠠᠯᠭ᠎ᠠ ᠲᠠᠢ ᠰᠢᠷᠭᠠᠭᠠᠵᠤ᠂ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠦᠨᠡᠨ ᠬᠦ ᠪᠣᠳᠠᠲᠤ  ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠲᠤᠭᠤᠷᠢᠭ ᠤᠨ ᠤᠳᠤᠷᠢᠳᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠦᠯᠬᠦᠮ ᠨᠡᠶᠢᠲᠡ ᠶᠢ ᠳᠠᠭᠠᠭᠤᠯᠤᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号