ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/3/18
     3 ᠰᠠᠷ᠎ᠠ ᠶᠢᠨ 14  ᠤ ᠡᠳᠦᠷ᠂ ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂《 ᠨᠢᠭᠡᠳᠦᠭᠡᠷ ᠵᠥᠪᠯᠡᠬᠦ ᠰᠡᠳᠦᠪ 》 ᠤᠨ ᠲᠦᠷᠢᠮ ᠤᠨ ᠲᠣᠭᠤᠷᠢᠨ ᠳᠤ ᠰᠤᠷᠤᠯᠴᠠᠨ ᠰᠤᠳᠤᠯᠤᠨ ᠶᠠᠷᠢᠯᠴᠠᠪᠠ᠃      ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠡᠰᠡᠭ ᠲᠤᠭᠤᠷᠢᠭ ᠤᠨ ᠤᠳᠤᠷᠢᠳᠤᠯᠭ᠎ᠠ ᠰᠤᠳᠤᠯᠤᠨ ᠶᠠᠷᠢᠯᠴᠠᠬᠤ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
11.jpg
    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂《 ᠨᠢᠭᠡᠳᠦᠭᠡᠷ ᠵᠥᠪᠯᠡᠬᠦ ᠰᠡᠳᠦᠪ 》 ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯ ᠢ ᠶᠠᠷᠢᠯᠴᠠᠬᠤ᠂ ᠠᠵᠢᠯ ᠢ ᠰᠤᠳᠤᠯᠤᠨ ᠪᠠᠶᠢᠷᠢᠯᠠᠭᠤᠯᠬᠤ ᠴᠢᠬᠤᠯᠠ ᠬᠦᠳᠦᠯᠥᠨ ᠳᠠᠭᠠᠭᠤᠯᠬᠤ ᠪᠠ ᠲᠡᠷᠢᠭᠦᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠳᠠᠪᠤᠷᠢ ᠪᠣᠯᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠤᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠤᠯᠴᠠᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠣᠲᠣ ᠶᠢᠨ ᠪᠠᠶᠢᠭ᠎ᠠ《 ᠨᠢᠭᠡᠳᠦᠭᠡᠷ ᠵᠥᠪᠯᠡᠬᠦ ᠰᠡᠳᠦᠪ 》 ᠤᠨ ᠰᠤᠷᠤᠯᠴᠠᠯᠭ᠎ᠠ ᠶᠢᠨ ᠡᠯ᠎ᠡ ᠵᠦᠢᠯ ᠤᠨ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠪᠦᠷᠢᠨᠰᠢᠬᠦᠯᠦᠨ᠂ ᠬᠡᠷᠡᠭᠯᠡᠵᠦ᠂ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂  ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ  ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠠᠵᠢᠯ ᠤᠨ ᠲᠣᠭᠤᠷᠢᠨ ᠳᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ ᠬᠥᠮᠦᠵᠢᠯ᠂ ᠲᠤᠰᠬᠠᠶ ᠮᠡᠷᠭᠡᠵᠢᠯᠲᠡᠨ ᠢᠶᠠᠷ ᠬᠠᠪᠰᠤᠷᠤᠨ ᠵᠢᠯᠣᠭᠤᠳᠬᠤ᠂ ᠲᠤᠬᠠᠶ ᠶᠢᠨ ᠲᠠᠯᠠᠪᠠᠶ ᠳᠤ ᠵᠢᠭᠠᠨ ᠰᠤᠷᠭᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠴᠢᠭᠯᠡᠭᠦᠯᠬᠦ ᠴᠢᠨᠠᠷᠲᠠᠶ ᠪᠠᠷ ᠬᠡᠷᠡᠭᠯᠡᠨ ᠰᠤᠷᠤᠯᠴᠠᠯᠭ᠎ᠠ ᠥᠷᠨᠢᠭᠦᠯᠵᠦ᠂ ᠰᠤᠷᠤᠯᠴᠠᠯᠭ᠎ᠠ ᠶᠢᠨ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂《 ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ᠂ ᠲᠥᠷᠥᠯᠵᠢᠭᠦᠯᠦᠯᠳᠡ᠂ ᠨᠠᠷᠢᠨ ᠲᠠᠩᠰᠠ ᠶᠢᠨ ᠮᠠᠶ᠋ᠢᠭ ᠤᠨ ᠳ᠋ᠤᠭᠠᠷ ᠢ ᠤᠰᠠᠳᠬᠠᠬᠤ 》ᠠᠷᠭ᠎ᠠ ᠬᠡᠯᠪᠡᠷᠢ ᠪᠠᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨ ᠬᠦ  ᠵᠢᠤ ᠶᠤᠸᠠᠨ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠦᠵᠡᠯ ᠰᠠᠨᠠᠭ᠎ᠠ ᠠᠷᠭ᠎ᠠ᠂ ᠠᠵᠢᠯ ᠤᠨ ᠠᠷᠭ᠎ᠠ᠂ ᠤᠳᠤᠷᠢᠳᠬᠤ ᠠᠷᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号