ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨ᠎ᠡ ᠰᠢᠪᠲᠤᠯᠤᠯᠲᠠ : ᠦᠮᠡᠬᠡᠶ ᠬᠡᠶ ᠪᠡᠶᠡᠲᠦ ᠶᠢ ᠰᠢᠯᠭᠠᠨ ᠪᠠᠶᠢᠴᠠᠭᠠᠬᠤ ᠪᠠᠭᠠᠵᠢ ᠨᠢ ᠰᠥᠨᠢ ᠶᠢᠨ ᠪᠣᠬᠢᠷᠲᠤᠯ ᠢ ᠬᠢᠨᠠᠨ ᠬᠡᠮᠵᠢᠬᠦ ᠳᠤ ᠬᠦᠴᠦ  ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/18
     ᠠᠵᠤ ᠠᠬᠤᠶᠢᠯᠠᠯ ᠤᠨ ᠰᠥᠨᠢ ᠪᠠᠷ ᠦᠮᠡᠬᠡᠶ ᠬᠡᠶ ᠪᠡᠶᠡᠲᠦ ᠶᠢ ᠬᠤᠯᠠᠭᠠᠶᠢᠯᠠᠨ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠥᠨᠢ ᠶᠢᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠰᠢᠨ᠎ᠡ ᠬᠡᠯᠪᠡᠷᠢ ᠶᠢᠨ ᠦᠮᠡᠬᠡᠶ ᠬᠡᠶ ᠪᠡᠶᠡᠲᠦ ᠶᠢ ᠪᠠᠶᠢᠴᠠᠭᠠᠨ ᠰᠢᠯᠭᠠᠬᠤ ᠬᠡᠮᠵᠢᠭᠦᠷᠯᠢᠭ ᠢ ᠠᠰᠢᠭᠯᠠᠨ᠂ ᠬᠠᠤᠯᠢ ᠬᠡᠷᠡᠭᠵᠢᠭᠦᠯᠬᠦ ᠳᠤ《ᠰᠢᠨᠵᠢᠯᠡᠬᠦ ᠤᠬᠠᠭᠠᠨ ᠮᠡᠷᠭᠡᠵᠢᠯ ᠤᠨ ᠭᠢᠷᠠᠬᠠᠶ ᠨᠢᠳᠦ》ᠨᠡᠮᠡᠷᠢᠯᠡᠪᠡ᠃
111.jpg
     ᠥᠩᠭᠡᠷᠡᠭᠰᠡᠨ ᠳᠤ ᠰᠥᠨᠢ ᠪᠠᠷ ᠬᠠᠤᠯᠢ ᠬᠡᠷᠡᠭᠵᠢᠭᠦᠯᠬᠦ ᠨᠢ ᠬᠡᠶ ᠪᠡᠶᠡᠲᠦ ᠶᠢᠨ ᠪᠦᠷᠢᠯᠳᠦᠬᠦᠨ ᠪᠠ ᠥᠳᠬᠡᠴᠡ ᠶᠢ ᠲᠦᠷᠭᠡᠨ  ᠲᠤᠭᠳᠠᠭᠠᠬᠤ ᠳᠤ ᠬᠦᠴᠢᠷᠲᠡᠶ ᠪᠠᠶᠢᠵᠤ᠂ ᠬᠠᠤᠯᠢ ᠬᠡᠷᠡᠭᠵᠢᠭᠦᠯᠬᠦ ᠳᠤ ᠮᠠᠰᠢ ᠶᠡᠭᠡ ᠬᠠᠷᠰᠢ ᠰᠠᠭᠠᠳ ᠤᠴᠠᠷᠠᠭᠤᠯᠵᠠᠶ᠃ ᠡᠨᠡ ᠬᠡᠯᠪᠡᠷᠢ ᠶᠢᠨ ᠠᠪᠴᠤ ᠶᠠᠪᠤᠬᠤ ᠳᠤ ᠳᠥᠭᠦᠮ ᠪᠠᠶᠢᠴᠠᠭᠠᠬᠤ ᠮᠠᠰᠢᠨ ᠬᠡᠷᠡᠭᠯᠡᠬᠦ ᠳᠤ ᠳᠦᠭᠦᠮ᠂ VOCs᠂ ᠬᠦᠬᠦᠷᠲᠦ ᠤᠰᠤᠲᠥ᠋ᠷᠥᠭᠴᠢ᠂ ᠮᠧᠲ᠋ᠢᠯ ᠬᠦᠬᠦᠷᠲᠦ ᠠᠯᠺᠣᠣᠯ᠂ ᠰᠢᠪᠲᠦᠷ ᠤᠨ ᠬᠡᠢ ᠵᠡᠷᠭᠡ ᠣᠯᠠᠨ ᠵᠦᠢᠯ ᠤᠨ ᠦᠮᠡᠬᠡᠶ ᠬᠡᠢ ᠪᠡᠶᠡᠲᠦ ᠶᠢ ᠲᠦᠷᠭᠡᠨ ᠪᠥᠭᠡᠳ ᠣᠨᠣᠪᠴᠢᠲᠠᠶ ᠪᠠᠷ ᠰᠢᠯᠭᠠᠨ ᠪᠠᠶᠢᠴᠠᠭᠠᠵᠤ ᠴᠢᠳᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠵᠢᠦ ᠶᠤᠸᠠᠨ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ ᠲᠤ 6 ᠰᠡᠵᠢᠭᠯᠡᠯᠲᠡᠶ ᠭᠠᠵᠠᠷ ᠲᠤ ᠬᠢᠨᠠᠨ ᠬᠡᠮᠵᠢᠯᠲᠡ ᠬᠢᠵᠦ᠂ ᠬᠢᠨᠠᠨ ᠬᠡᠮᠵᠢᠬᠦ  ᠭᠦᠢᠴᠡᠳᠬᠡᠯ ᠲᠤᠭ᠎ᠠ ᠨᠢ ᠴᠥᠮ ᠵᠣᠬᠢᠶᠠᠨ ᠪᠠᠶᠢᠭᠤᠯᠤᠯᠲᠠ ᠦᠭᠡᠢ ᠶᠢᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠵᠦ ᠂ ᠳᠠᠯᠳᠠᠭᠤᠷ ᠰᠡᠭᠦᠳᠡᠷᠯᠡᠵᠦ ᠭᠤᠭᠤᠵᠢᠭᠤᠯᠤᠭᠰᠠᠨ ᠬᠡᠪ ᠤᠨ ᠪᠤᠰᠤ ᠪᠠᠶᠢᠳᠠᠯ ᠢ ᠣᠯᠵᠤ ᠮᠡᠳᠡᠭᠰᠡᠨ ᠥᠬᠡᠶ᠃ ᠰᠢᠨ᠎ᠡ ᠲᠣᠨᠣᠭᠯᠠᠯ ᠢ ᠠᠰᠢᠭᠯᠠᠯᠲᠠ ᠳᠤ ᠣᠷᠣᠭᠤᠯᠤᠭᠰᠠᠨ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠰᠥᠨᠢ ᠶᠢᠨ ᠦᠮᠡᠬᠡᠶ ᠬᠡᠶ ᠪᠡᠶᠡᠲᠦ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠷᠠᠯᠲᠠ ᠥᠬᠡᠶ ᠳᠠᠪᠰᠢᠬᠤ ᠶᠢ ᠳᠠᠭᠠᠯᠳᠤᠨ᠂ ᠡᠶᠢᠮᠦᠷᠬᠦ ᠲᠡᠷᠢᠭᠦᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠨᠣᠭᠯᠠᠯ ᠦᠷᠭᠦᠯᠵᠢᠯᠡᠨ ᠢᠯᠡᠷᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦ ᠨᠡᠮᠡᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠬᠤ ᠪᠣᠯᠤᠨ᠎ᠠ᠃ 
222.jpg
     ᠲᠣᠰ ᠤᠳᠠᠭᠠᠨ ᠤ ᠰᠥᠨᠢ ᠶᠢᠨ ᠪᠠᠶᠢᠴᠠᠭᠠᠯᠲᠠ ᠪᠠᠷ ᠳᠡᠮᠵᠢᠨ᠂ ᠰᠥᠨᠢ ᠪᠠᠷ ᠬᠤᠯᠠᠭᠠᠶᠢᠯᠠᠨ ᠭᠠᠳᠠᠭᠰᠢᠯᠠᠭᠤᠯᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠣᠯᠤᠨ ᠣᠨᠣᠪᠴᠢ ᠶᠢᠨ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠬᠠᠤᠯᠢ ᠶᠢ ᠵᠥᠷᠢᠴᠡᠨ ᠪᠣᠬᠢᠷᠲᠤᠯ ᠭᠠᠳᠠᠭᠰᠢᠯᠠᠭᠤᠯᠬᠤ ᠦᠢᠯᠡ ᠠᠵᠢᠯᠯᠠᠭ᠎ᠠ ᠶᠢ ᠬᠦᠴᠦᠲᠡᠶ ᠰᠦᠷᠳᠡᠭᠦᠯᠪᠡ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ ᠪᠠᠶᠢᠭ᠎ᠠ ᠣᠳᠣᠬᠠᠨ ᠳᠤ᠂ ᠬᠤᠪᠢᠶᠠᠷᠢ ᠲᠣᠪᠴᠢᠶ᠎ᠠ ᠣᠲᠣ ᠶᠢᠨ ᠪᠠᠶᠢᠭ᠎ᠠ ᠰᠢᠨ᠎ᠡ ᠮᠠᠶ᠋ᠢᠭ ᠤᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢ ᠭᠦᠢᠴᠡᠳ ᠠᠰᠢᠭᠯᠠᠨ᠂ ᠬᠠᠤᠯᠢ ᠬᠡᠷᠡᠭᠵᠢᠭᠦᠯᠬᠦ ᠰᠢᠨᠵᠢᠯᠡᠬᠦ ᠤᠬᠠᠭᠠᠨᠴᠢ᠂ ᠪᠦᠲᠦᠮᠵᠢᠲᠡᠶ ᠪᠥᠭᠡᠳ ᠲᠦᠷᠭᠡᠨ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠲᠤ ᠨᠠᠮ ᠰᠡᠯᠡᠭᠦᠨ᠂ ᠰᠢᠨ᠎ᠡ ᠰᠡᠪᠡᠭᠦᠨ ᠣᠷᠴᠢᠨ ᠨᠥᠬᠦᠴᠡᠯ ᠢ ᠪᠣᠶ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号