2025 ᠣᠨ ᠳᠤ ᠮᠠᠨ ᠤ  ᠲᠤᠭᠤᠷᠢᠭ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠣᠯᠠᠨ ᠡᠰᠢᠵᠢᠭᠰᠡᠨ ᠬᠥᠭᠵᠢᠯᠲᠡ ᠶᠢᠨ ᠰᠢᠨ᠎ᠡ ᠪᠠᠶᠢᠳᠠᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/3/18
    ᠲᠥᠷᠥ ᠶᠢᠨ ᠪᠣᠳᠣᠯᠭ᠎ᠠ ᠶᠢᠨ ᠠᠬᠢᠭᠤᠯᠤᠯᠲᠠ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠳᠠᠶᠢᠴᠢᠯᠠᠬᠤ ᠳᠠᠪᠬᠤᠷ ᠦᠢᠯᠡᠳᠦᠯ ᠳᠤᠤᠷ᠎ᠠ᠂ 2025 ᠣᠨ ᠤ ᠡᠬᠢ ᠪᠠᠷ ᠮᠠᠨ ᠤ ᠲᠤᠭᠤᠷᠢᠭ 8 ᠠᠵᠤ ᠠᠬᠤᠶᠢᠯᠠᠯ ᠢ ᠬᠥᠮᠥᠷᠭᠡ ᠳᠤ ᠣᠷᠣᠭᠤᠯᠤᠨ ᠨᠢᠭᠡᠳᠦᠯᠲᠡᠶ ᠪᠣᠯᠭᠠᠵᠤ᠂ ᠪᠥᠬᠦ ᠲᠤᠭᠤᠷᠢᠭ ᠤᠨ ᠠᠵᠤ ᠦᠢᠯᠡᠳᠪᠦᠷᠢ ᠶᠢᠨ ᠠᠵᠢᠯ ᠲᠥᠷᠥᠯ 13 ᠪᠠᠶᠢᠭᠰᠠᠨ ᠠᠴᠠ ᠪᠠᠨ 17 ᠪᠣᠯᠤᠨ ᠨᠡᠮᠡᠭᠳᠡᠵᠦ᠂ ᠣᠯᠠᠨ ᠡᠰᠢᠵᠢᠭᠰᠡᠨ ᠬᠥᠭᠵᠢᠯᠲᠡ ᠶᠢᠨ ᠰᠢᠨ᠎ᠡ ᠪᠠᠶᠢᠳᠠᠯ ᠢ ᠠᠩᠬ᠎ᠠ ᠠᠯᠬᠤᠮ ᠪᠣᠶ ᠪᠣᠯᠭᠠᠪᠠ᠃ ᠰᠢᠨ᠎ᠡ ᠪᠠᠷ ᠨᠡᠮᠡᠭᠳᠡᠭᠰᠡᠨ 4 ᠠᠵᠢᠯ ᠲᠥᠷᠥᠯ ᠨᠢ ᠲᠤᠰ ᠲᠤᠰ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ᠂ ᠴᠠᠭᠠᠰᠤ ᠬᠢᠬᠦ ᠪᠠ ᠴᠠᠭᠠᠰᠤᠨ ᠪᠦᠲᠦᠭᠡᠭᠳᠡᠬᠦᠨ ᠤ ᠦᠢᠯᠡᠰ᠂ ᠬᠢᠮᠢ ᠶᠢᠨ ᠰᠢᠷᠬᠡᠭᠯᠢᠭ ᠦᠢᠯᠡᠳᠬᠦ ᠦᠢᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠣᠯᠤᠨ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠪᠠᠶᠢᠵᠤ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃    ᠠᠵᠤ ᠦᠢᠯᠡᠳᠪᠦᠷᠢ ᠶᠢᠨ ᠠᠵᠢᠯ ᠲᠥᠷᠥᠯ ᠤᠨ ᠣᠯᠠᠨ ᠡᠰᠢᠵᠢᠭᠰᠡᠨ ᠬᠥᠭᠵᠢᠯᠲᠡ ᠨᠢ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠤᠯᠠᠮᠵᠢᠯᠠᠯᠲᠤ ᠠᠵᠢᠯ ᠲᠥᠷᠥᠯ ᠳᠤ ᠲᠦᠰᠢᠭᠯᠡᠬᠦ ᠶᠢ ᠪᠠᠭᠤᠷᠠᠭᠤᠯᠵᠤ᠂ ᠠᠵᠤ ᠠᠬᠤᠶ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠴᠢᠩᠭᠠᠷᠠᠭᠤᠯᠪᠠ᠃ ᠲᠠᠷᠠᠭᠠᠴᠢ ᠪᠠᠷ᠂ ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠠᠬᠤᠶᠢᠯᠠᠯ ᠢᠶᠠᠷ ᠰᠤᠷᠪᠤᠯᠵᠢᠯᠠᠬᠤ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ᠃ ᠡᠭᠦᠨ ᠤ ᠬᠠᠮᠲᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠠᠩᠬᠠᠷᠴᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠴᠢᠷᠮᠠᠶᠢᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号