︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠲᠤ᠂ ᠭᠡᠷ | ᠬᠤᠷᠢᠶᠠᠯᠠᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ | ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 3 ᠰᠠᠷ᠎ᠠ ᠶᠢᠨ 14 ᠤ ᠡᠳᠦᠷ ᠳ᠋ᠧ ᠰᠢᠶᠠᠨ ᠭᠡᠷ | ᠬᠤᠷᠢᠶᠠᠯᠠᠯ ᠬᠠᠷᠢᠶ᠎ᠠ ᠣᠷᠣᠨ ᠳᠠᠭᠠᠨ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠬᠡᠷᠡᠭᠯᠡᠭᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠭᠡᠷ ᠬᠤᠷᠢᠶᠠᠯᠠᠯ ᠤᠨ ᠠᠵᠢᠯᠲᠠᠳ ᠰᠠᠭᠤᠭᠠᠯᠢ ᠠᠷᠠᠳ ᠲᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠲᠤ ᠲᠣᠰ ᠪᠡᠶ᠎ᠡ ᠶᠢᠨ | ᠬᠡᠷᠡᠭᠯᠡᠭᠡᠨ ᠤ ᠶᠠᠪᠤᠴᠠ ᠳᠠᠬᠢ ᠡᠷᠬᠡ ᠪᠠ ᠡᠭᠦᠷᠭᠡ ᠶᠢ ᠣᠶᠢᠯᠠᠭᠠᠭᠤᠯᠪᠠ᠃ ᠣᠯᠠᠨ ᠤ ᠠᠩᠬᠠᠷᠤᠯ ᠲᠠᠯᠪᠢᠵᠤ ᠪᠠᠶᠢᠭ᠎ᠠ | ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠵᠢᠱᠢᠶᠡᠯᠡᠪᠡᠯ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ | ᠪᠤᠴᠠᠭᠠᠵᠤ ᠰᠣᠯᠢᠬᠤ᠂ ᠡᠷᠡᠭᠦᠯᠵᠢᠯ ᠤᠨ ᠡᠳ᠋ ᠤᠨ ᠬᠡᠷᠡᠭᠯᠡᠭᠡᠨ ᠤ ᠤᠨᠠᠭᠤᠯᠢ᠂ ᠨᠠᠰᠤᠲᠠᠶᠢᠴᠤᠳ ᠤᠨ ᠬᠡᠷᠡᠭᠯᠡᠭᠡᠨ ᠤ | ᠮᠡᠬᠡᠯᠡᠯ ᠵᠡᠷᠭᠡ ᠲᠠᠯ᠎ᠠ ᠪᠠᠷ ᠠᠵᠢᠯᠲᠠᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠲᠡᠭᠦᠨ ᠤ | ᠳᠣᠲᠣᠷᠠᠬᠢ ︽ᠠᠷᠭ᠎ᠠ ᠵᠠᠮ︾ ᠪᠠ ᠠᠷᠭᠠᠴᠠᠬᠤ ᠠᠷᠭ᠎ᠠ ᠶᠢ ᠭᠦᠨᠵᠡᠭᠡᠶ ᠵᠠᠳᠠᠯᠪᠠ᠃ ᠬᠦᠳᠡᠯᠭᠡᠭᠡᠨ ᠤ ᠬᠠᠷᠢᠯᠴᠠᠨ | ᠬᠦᠳᠡᠯᠦᠯᠴᠡᠬᠦ ᠴᠢᠨᠠᠷ ᠪᠠ ᠰᠣᠨᠢᠷᠬᠠᠯᠲᠤ ᠴᠢᠨᠠᠷ ᠢ ᠨᠡᠮᠡᠭᠳᠡᠭᠦᠯᠬᠦ ᠶᠢᠨ ᠲᠦᠯᠦᠭᠡ ᠪᠠᠰᠠ ᠲᠠᠰᠢᠷᠠᠮ ᠤᠨ ᠮᠡᠳᠡᠯᠭᠡ ᠶᠢᠨ | ᠠᠰᠠᠭᠤᠯᠲᠠ ᠬᠠᠷᠢᠭᠤᠯᠲᠠ ᠶᠢ ᠲᠣᠬᠢᠷᠠᠭᠤᠯᠵᠤ᠂ ᠠᠰᠠᠭᠤᠯᠲᠠ ᠬᠠᠷᠢᠭᠤᠯᠲᠠ ᠪᠠᠷ ᠳᠠᠮᠵᠢᠭᠤᠯᠤᠨ ᠰᠠᠭᠤᠭᠠᠯᠢ | ᠠᠷᠠᠳ ᠤᠨ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠪᠡ᠃ | | | | ᠵᠠᠯᠭᠠᠭᠠᠳ᠂ ᠳ᠋ᠧ ᠰᠢᠶᠠᠨ ᠭᠡᠷ ᠬᠤᠷᠢᠶᠠᠯᠠᠯ ᠤᠨ ᠬᠢᠨ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ | ᠦᠷᠭᠦᠯᠵᠢᠯᠡᠨ ᠠᠩᠬᠠᠷᠴᠤ᠂ ᠡᠯ᠎ᠡ ᠲᠥᠷᠥᠯ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠶ᠎ᠡ ᠵᠣᠬᠢᠴᠠᠯ ᠲᠠᠢ ᠭᠡᠷ ᠬᠤᠷᠢᠶᠠᠯᠠᠯ ᠢ ᠪᠥᠲᠥᠭᠡᠨ ᠪᠠᠶᠢᠭᠤᠯᠬᠤ᠂ | ᠬᠡᠷᠡᠭᠯᠡᠭᠡᠨ ᠤ ᠡᠷᠬᠡ ᠲᠡᠭᠰᠢ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | | |