ᠠᠭᠠᠷᠤᠳᠠᠢ ᠰᠤᠮᠤᠨ ᠤ ᠶᠡᠷᠦᠩᠬᠡᠶᠢᠯᠡᠨ ᠵᠠᠰᠠᠬᠤ ᠲᠥᠪ : ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ ᠤ ᠲᠣᠭᠲᠠᠭᠤᠨ ᠤ ᠰᠠᠭᠤᠷᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/3/20
 111.jpg
        ᠠᠭᠠᠷᠤᠲᠠᠢ ᠰᠤᠮᠤᠨ ᠤ ᠶᠡᠷᠦᠩᠬᠡᠶᠢᠯᠡᠨ ᠵᠠᠰᠠᠬᠤ ᠲᠥᠪ ᠨᠢ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠠᠰᠠᠯᠲᠠ ᠶᠢᠨ ᠠᠵᠢᠯ ᠢ ᠬᠥᠲᠥᠯᠥᠨ ᠳᠠᠭᠠᠭᠤᠯᠬᠤ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠰᠤᠮᠤᠨ ᠤ ᠡᠶ᠎ᠡ ᠵᠣᠬᠢᠴᠠᠯ ᠲᠠᠢ ᠲᠣᠭᠲᠠᠭᠤᠨ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃    ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠴᠢᠩᠭᠠᠳᠬᠠᠵᠤ᠂《 ᠨᠠᠰᠤᠲᠠᠶᠢᠴᠤᠳ ᠤᠨ ᠲᠤᠰᠬᠤᠨ ᠤ  ᠬᠠᠮᠠᠭᠠᠯᠠᠭᠴᠢ 》 ᠶᠢᠨ ᠡᠩᠨᠡᠭᠡ ᠶᠢ ᠪᠠᠶᠢᠭᠤᠯᠤᠨ᠎ᠠ
222.jpg
    ᠰᠤᠮᠤ ᠶᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠲᠤᠤᠷ ᠤᠨ ᠰᠢᠰᠲ᠋ᠧᠮ ᠢ ᠪᠠᠶᠢᠭᠤᠯᠬᠤ ᠶᠢᠨ ᠲᠥᠯᠥᠭᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠡᠮᠲᠡᠷᠢᠭᠦᠯ ᠢ ᠦᠨᠳᠦᠰᠦᠨ ᠱᠠᠲᠤᠨ ᠤ ᠵᠠᠰᠠᠯᠲᠠ ᠶᠢᠨ《 ᠦᠵᠦᠭᠦᠷ 》ᠬᠦᠷᠲᠡᠯ᠎ᠡ ᠦᠷᠭᠦᠯᠵᠢᠯᠡᠭᠦᠯᠦᠨ᠎ᠡ᠃ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠡᠯ᠎ᠡ ᠭᠠᠴᠠᠭ᠎ᠠ᠂ ᠲᠣᠰᠬᠤᠨ ᠳᠤ《ᠨᠠᠰᠤᠲᠠᠶᠢᠴᠤᠳ ᠤᠨ ᠲᠤᠰᠬᠤᠨ ᠤ  ᠬᠠᠮᠠᠭᠠᠯᠠᠭᠴᠢ 》 ᠶᠢ ᠵᠤᠬᠢᠶᠠᠨ ᠪᠠᠶᠢᠭᠤᠯᠵᠤ᠂ ᠠᠵᠢᠯ ᠠᠴᠠ ᠪᠠᠨ ᠠᠮᠠᠷᠠᠭᠰᠠᠨ ᠵᠠᠷᠢᠮ ᠠᠬᠠᠮᠠᠳ ᠨᠠᠮ ᠤᠨ ᠭᠡᠰᠢᠭᠦᠨ᠂ ᠲᠣᠰᠬᠤᠨ ᠤ ᠳᠣᠲᠣᠷᠠᠬᠢ ᠢᠲᠡᠭᠡᠯ ᠬᠦᠨᠳᠦ ᠲᠠᠢ ᠲᠣᠰᠬᠤᠨ ᠤ ᠮᠡᠷᠭᠡᠳ ᠢ ᠰᠠᠶᠢᠨ ᠳᠤᠷ᠎ᠠ ᠠᠴᠠ ᠪᠠᠨ ᠲᠣᠰᠬᠤᠨ ᠤ ᠬᠠᠮᠠᠭᠠᠯᠠᠭᠴᠢ ᠳᠤ ᠣᠷᠣᠭᠤᠯᠵᠤ᠂ ᠨᠠᠮ ᠤᠨ ᠪᠠᠶᠢᠭᠤᠯᠤᠯᠲᠠ ᠪᠠᠷ ᠲᠤᠤᠷᠵᠢᠭᠤᠯᠤᠯᠲᠠ ᠶᠢ ᠬᠦᠳᠦᠯᠤᠨ ᠳᠠᠭᠠᠭᠤᠯᠵᠤ᠂ ᠶᠠᠪᠤᠳᠠᠯ ᠪᠣᠯᠭᠠᠨ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠣᠯᠭᠠᠭᠰᠠᠨ ᠪᠠᠶᠢᠨ᠎ᠠ᠃    ᠨᠠᠮ ᠤᠨ ᠪᠠᠶᠢᠭᠤᠯᠤᠯᠲᠠ ᠨᠢ ᠲᠤᠤᠷᠵᠢᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ    ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠲᠤᠤᠷᠵᠢᠭᠤᠯᠤᠭᠴᠢ ᠶᠢᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠰᠤᠮᠤᠨ ᠤ ᠶᠡᠷᠦᠩᠬᠡᠶᠢᠯᠡᠨ ᠵᠠᠰᠠᠬᠤ ᠲᠥᠪ ᠨᠢ ᠨᠠᠮ ᠤᠨ ᠭᠡᠰᠢᠭᠦᠨ ᠤ ᠪᠣᠯᠪᠠᠰᠤᠷᠠᠭᠤᠯᠤᠯ᠂ ᠺᠠᠳ᠋ᠷ ᠮᠠᠯᠴᠢᠳ ᠤᠨ ᠲᠥᠷᠥᠯ ᠰᠠᠳᠤᠨ ᠪᠣᠯᠵᠣ ᠪᠠᠷᠢᠯᠳᠤᠬᠤ ᠠᠵᠢᠯᠯᠠᠭ᠎ᠠ ᠵᠡᠷᠭᠡ ᠲᠠᠢ ᠤᠶᠠᠯᠳᠤᠭᠤᠯᠤᠨ ᠣᠯᠠᠨ ᠲᠠᠯᠠᠪᠤᠷ ᠲᠤᠤᠷᠵᠢᠭᠤᠯᠤᠭᠴᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠵᠥᠷᠢᠴᠡᠯ ᠢ ᠡᠶᠡᠳᠡᠭᠦᠯᠬᠦ᠂ ᠮᠡᠳᠡᠭᠡ ᠵᠠᠩᠭᠢ ᠴᠤᠭᠯᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠪᠠ ᠤᠬᠠᠭᠤᠯᠭ᠎ᠠ ᠬᠢᠵᠦ᠂ ᠲᠤᠤᠷᠵᠢᠭᠤᠯᠤᠭᠴᠢ ᠶᠢ ᠨᠡᠶᠢᠲᠡ 70 ᠬᠥᠮᠦᠨ ᠤᠳᠠᠭ᠎ᠠ ᠪᠣᠯᠪᠠᠰᠤᠷᠠᠭᠤᠯᠪᠠ᠃ ᠣᠳᠣᠬᠠᠨ ᠳᠤ ᠲᠤᠤᠷᠵᠢᠭᠤᠯᠤᠭᠴᠢᠳ ᠡᠯ᠎ᠡ ᠲᠤᠤᠷᠵᠢᠯ ᠳᠤ ᠢᠳᠡᠪᠬᠢᠲᠡᠶ ᠣᠷᠣᠯᠴᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠶ ᠴᠤᠭᠯᠠᠭᠤᠯᠵᠤ᠂ ᠣᠯᠠᠨ ᠲᠦᠮᠡᠨ ᠤ ᠥᠷᠭᠡᠨ ᠦᠨᠡᠯᠡᠯᠲᠡ ᠶᠢ ᠣᠯᠵᠠᠶ᠃    ᠨᠠᠮ ᠤᠨ ᠪᠠᠶᠢᠭᠤᠯᠤᠯᠲᠠ ᠪᠠᠷ ᠬᠠᠮᠵᠢᠯᠴᠠᠨ ᠵᠠᠰᠠᠬᠤ ᠶᠢ ᠬᠥᠲᠥᠯᠥᠨ ᠳᠠᠭᠠᠭᠤᠯᠵᠤ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠪᠠ    ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠪᠠᠷ ᠲᠦᠰᠢᠭ ᠪᠣᠯᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠡᠮᠬᠢᠯᠡᠨ ᠨᠡᠶᠢᠯᠡᠭᠦᠯᠵᠦ᠂ ᠰᠤᠮᠤ ᠵᠠᠰᠠᠭ ᠤᠨ ᠣᠷᠳᠣᠨ᠂ ᠭᠠᠴᠠᠭ᠎ᠠ ᠲᠣᠰᠬᠤᠨ᠂ ᠰᠤᠮᠤ ᠳᠤ ᠰᠠᠭᠤᠭ᠎ᠠ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠰᠠᠭᠤᠭᠠᠯᠢ ᠠᠷᠠᠳ ᠵᠡᠷᠭᠡ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠨ ᠨᠡᠶᠢᠭᠡᠮ ᠤᠨ ᠵᠠᠰᠠᠯᠲᠠ ᠳᠤ ᠣᠷᠣᠯᠴᠠᠭᠤᠯᠤᠨ᠎ᠠ᠃ ᠵᠢᠱᠢᠶᠡᠯᠡᠪᠡᠯ᠂ ᠳᠡᠭᠡᠷ᠎ᠡ ᠵᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠨᠠᠮ ᠤᠨ ᠭᠡᠰᠢᠭᠦᠨ ᠢᠶᠠᠷ ᠲᠦᠷᠦᠭᠦᠯᠡᠨ᠂ ᠰᠠᠶᠢᠨ ᠳᠤᠷᠠᠴᠤᠳ ᠲᠠᠢ ᠬᠠᠮᠲᠤᠷᠠᠨ᠂ ᠣᠯᠠᠨ ᠲᠦᠮᠡᠨ ᠲᠠᠢ ᠬᠠᠮᠲᠤ ᠪᠠᠷ ᠣᠷᠣᠯᠴᠠᠵᠤ᠂ ᠬᠠᠷᠢᠶ᠎ᠠ ᠣᠷᠣᠨ ᠤ ᠭᠤᠤᠯᠳᠠᠯᠭ᠎ᠠ ᠲᠠᠢ ᠣᠷᠣᠨ ᠪᠦᠰᠡ ᠶᠢ ᠲᠥᠪᠯᠡᠷᠡᠭᠦᠯᠦᠨ ᠢᠯᠭᠠᠷᠠᠭᠤᠯᠵᠤ᠂ ᠨᠡᠶᠢᠲᠡ 5 ᠤᠳᠠᠭ᠎ᠠ ᠢᠯᠭᠠᠷᠠᠭᠤᠯᠵᠤ᠂ ᠰᠤᠮᠤ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠴᠣ ᠰᠢᠨ᠎ᠡ ᠪᠣᠯᠭᠠᠪᠠ︔ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠲᠠᠯ᠎ᠠ ᠪᠠᠷ᠂ ᠲᠤᠤᠷᠵᠢᠯ ᠬᠤᠯᠪᠣᠭᠠᠯᠠᠨ ᠬᠥᠳᠡᠯᠦᠯᠴᠡᠵᠦ᠂ ᠲᠥᠷᠥᠯ ᠰᠠᠳᠤᠨ ᠪᠣᠯᠵᠣ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠴᠠᠭᠳᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠭᠰᠠᠨ ᠠᠴᠠ᠂ ᠰᠤᠮᠤᠨ ᠤ ᠬᠢᠯᠢ ᠳᠣᠲᠣᠷ᠎ᠠ ᠠᠮᠤᠷ ᠲᠦᠪᠰᠢᠨ ᠤ ᠠᠰᠠᠭᠤᠳᠠᠯ ᠭᠠᠷᠤᠭᠰᠠᠨ ᠥᠬᠡᠶ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠠᠯ᠎ᠠ ᠪᠠᠷ᠂《ᠺᠠᠳ᠋ᠷ ᠮᠠᠯᠴᠢᠳ ᠶᠡᠬᠡᠪᠡᠷ ᠲᠥᠷᠥᠯ ᠰᠠᠳᠤᠨ ᠪᠣᠯᠵᠣ ᠪᠠᠷᠢᠯᠳᠤᠬᠤ》ᠠᠵᠢᠯᠯᠠᠭᠠᠨ ᠤ ᠲᠠᠪᠴᠠᠩ ᠢ ᠢᠳᠡᠪᠬᠢᠲᠡᠢ ᠰᠠᠶᠢᠲᠤᠷ ᠠᠰᠢᠭᠯᠠᠵᠤ᠂ 2022 ᠣᠨ ᠠᠴᠠ ᠨᠠᠰᠢ ᠡᠷᠦᠬᠡ ᠳᠤ ᠣᠷᠣᠵᠤ ᠨᠡᠶᠢᠲᠡ 300 ᠭᠠᠷᠤᠢ ᠤᠳᠠᠭ᠎ᠠ ᠤᠬᠠᠭᠤᠯᠪᠠ᠃    ᠬᠤᠶᠢᠰᠢᠳᠠ᠂ ᠠᠭᠠᠷᠤᠲᠠᠢ ᠰᠤᠮᠤᠨ ᠤ ᠶᠡᠷᠦᠩᠬᠡᠶᠢᠯᠡᠨ ᠵᠠᠰᠠᠬᠤ ᠲᠥᠪ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠵᠢᠯᠣᠭᠤᠳᠤᠨ ᠲᠣᠬᠢᠷᠠᠭᠤᠯᠬᠤ᠂ ᠵᠠᠳᠠᠯᠤᠨ ᠰᠤᠳᠤᠯᠵᠤ ᠮᠠᠭᠠᠳᠯᠠᠬᠤ᠂ ᠦᠢᠯᠡᠴᠢᠯᠡᠵᠦ ᠬᠠᠮᠢᠶᠠᠷᠬᠤ ᠵᠡᠷᠭᠡ ᠡᠭᠦᠷᠭᠡ ᠴᠢᠳᠠᠪᠬᠢ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠤᠷᠵᠢᠭᠤᠯᠤᠭᠴᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠬᠢ ᠶᠢ ᠥᠷᠭᠡᠳᠬᠡᠨ᠂ ᠬᠢᠨᠠᠨ ᠰᠢᠯᠭᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠥᠬᠡᠶ ᠬᠥᠭᠵᠢᠭᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号