ᠬᠠᠤᠯᠢ ᠴᠠᠭᠠᠵᠠ ᠶᠢᠨ ᠦᠢᠯᠡᠴᠢᠯᠡᠭᠡ ᠶᠢ ᠳᠡᠷᠭᠡᠳᠡ ᠳᠤᠨᠢ ᠠᠪᠴᠢᠷᠠᠨ  ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠳᠤ ᠵᠦᠭᠯᠡᠭᠦᠷ ᠲᠠᠢ
ᠨᠡᠶᠢᠲᠡᠯᠡᠭᠰᠡᠨ ᠴᠠᠭ᠄
2025/3/20
    ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠳᠡᠨ ᠤ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠢ ᠨᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 14  ᠤ ᠡᠳᠦᠷ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠲᠠᠢ ᠬᠠᠮᠲᠤᠷᠠᠨ ᠳᠠᠯᠠᠨ ᠪᠤᠯᠠᠭ ᠪᠠᠯᠭᠠᠰᠤᠨ ᠤ ᠠᠵᠢᠯᠴᠢᠨ ᠤ ᠰᠣᠶᠣᠯ ᠤᠨ ᠣᠷᠳᠣᠨ ᠳᠤ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠳᠠᠯᠠᠨ ᠪᠤᠯᠠᠭ ᠪᠠᠯᠭᠠᠰᠤᠨ ᠤ ᠠᠵᠢᠯᠳᠠᠨ ᠠᠵᠢᠯᠴᠢᠨ ᠤᠯᠠᠨ ᠲᠦᠮᠡᠨ ᠢᠳᠡᠪᠬᠢᠲᠡᠢ ᠣᠷᠣᠯᠴᠠᠵᠤ᠂ ᠮᠠᠰᠢ ᠰᠠᠶᠢᠨ ᠦᠷ᠎ᠡ ᠪᠦᠲᠦᠮᠵᠢ ᠤᠯᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠠᠵᠢᠯᠳᠠᠨ ᠠᠵᠢᠯᠴᠢᠨ ᠤᠯᠠᠨ ᠲᠦᠮᠡᠨ ᠳᠤ ᠪᠦᠬᠦ ᠲᠠᠯ᠎ᠠ ᠶᠢᠨ᠂ ᠤᠯᠠᠨ ᠳᠡᠰ ᠳᠠᠪᠬᠤᠷᠭ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠥᠭᠪᠡ᠃ ᠠᠵᠢᠯᠲᠠᠨ ᠠᠵᠢᠯᠴᠢᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠥᠳᠡᠯᠮᠦᠷᠢ ᠶᠢᠨ ᠭᠡᠷ᠎ᠡ ᠲᠣᠭᠲᠠᠭᠠᠬᠤ ᠨᠠᠷᠢᠨ ᠲᠦᠷᠢᠮ᠂ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ ᠵᠡᠷᠭᠡ ᠬᠠᠯᠠᠭᠤᠨ ᠴᠡᠭ ᠤᠨ ᠠᠰᠠᠭᠤᠳᠠᠯ ᠳᠤ ᠴᠢᠭᠯᠡᠭᠦᠯᠦᠨ᠂ ᠠᠵᠢᠯᠲᠠᠨ ᠲᠤᠰᠬᠠᠶ ᠮᠡᠷᠭᠡᠵᠢᠯ᠂ ᠬᠦᠯᠢᠴᠡᠩᠭᠦᠶ᠂ ᠬᠠᠷᠢᠭᠤᠴᠠᠬᠤ ᠣᠪᠣᠷ ᠢ ᠪᠠᠷᠢᠮᠲᠠᠯᠠᠵᠤ᠂ ᠭᠦᠨ ᠭᠦᠨᠵᠡᠭᠡᠶ ᠨᠠᠷᠢᠨ ᠨᠢᠮᠪᠠᠶ ᠬᠠᠷᠢᠭᠤᠯᠲᠠ ᠥᠭᠴᠦ᠂ ᠠᠵᠢᠯᠲᠠᠨ ᠠᠵᠢᠯᠴᠢᠨ ᠲᠦᠮᠡᠨ ᠢ ᠬᠠᠪᠰᠤᠷᠤᠨ ᠨᠠᠷᠢᠨ ᠪᠤᠳᠤᠯᠢᠶᠠᠨᠲᠠᠶ ᠬᠠᠤᠯᠢ ᠴᠠᠭᠠᠵᠠ ᠶᠢᠨ ᠬᠠᠷᠢᠴᠠᠭ᠎ᠠ ᠶᠢ ᠲᠣᠳᠣᠷᠬᠠᠶ ᠪᠣᠯᠭᠠᠵᠤ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠲᠣᠳᠣᠷᠬᠠᠶ ᠮᠡᠳᠡᠭᠦᠯᠵᠡᠶ᠃
11.jpg
    ᠲᠣᠰ ᠤᠳᠠᠭᠠᠨ ᠤ ᠠᠵᠢᠯᠯᠠᠭ᠎ᠠ ᠶᠢᠨ ᠦᠷ᠎ᠡ  ᠪᠦᠲᠦᠮᠵᠢ ᠢᠯᠡᠳᠲᠡ ᠪᠠᠶᠢᠵᠤ᠂ ᠡᠯ᠎ᠡ ᠲᠥᠷᠥᠯ ᠤᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ 》 ᠶᠢ ᠬᠡᠷᠡᠭᠵᠢᠭᠦᠯᠬᠦ ᠠᠷᠭ᠎ᠠ᠂《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ 》《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ》《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ》ᠪᠣᠯᠤᠨ ᠡᠳᠦᠷ ᠲᠤᠲᠤᠮ ᠤᠨ ᠬᠠᠤᠯᠢ ᠴᠠᠭᠠᠵᠠ ᠶᠢᠨ ᠪᠠᠭ᠎ᠠ ᠮᠡᠳᠡᠯᠭᠡ᠂ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠂ ᠡᠶᠡᠳᠡᠭᠦᠯᠬᠦ ᠶᠠᠪᠤᠴᠠ ᠶᠢᠨ ᠲᠠᠨᠢᠯᠴᠠᠭᠤᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠷᠭ᠎ᠠ ᠮᠠᠶ᠋ᠢᠭ ᠵᠡᠷᠭᠡ ᠶᠢ ᠬᠠᠮᠤᠷᠴᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠬᠠᠯᠠᠭᠤᠨ ᠤᠭᠲᠤᠯᠭ᠎ᠠ ᠪᠠ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠤᠯᠪᠠ᠃ ᠲᠣᠰ ᠤᠳᠠᠭᠠᠨ ᠤ ᠬᠠᠤᠯᠢ ᠴᠠᠭᠠᠵᠠ ᠬᠦᠷᠭᠡᠬᠦ ᠦᠢᠯᠡᠴᠢᠯᠡᠭᠡ ᠶᠢᠨ ᠠᠵᠢᠯᠯᠠᠭ᠎ᠠ ᠪᠠᠷ ᠳᠡᠮᠵᠢᠨ᠂ ᠠᠵᠢᠯᠲᠠᠨ ᠠᠵᠢᠯᠴᠢᠨ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠳᠡᠭᠡᠭᠰᠢᠯᠡᠵᠦ᠂ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠦᠨᠡᠨ ᠬᠦ ᠴᠢᠩᠭᠠᠷᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠠᠵᠢᠯᠴᠢᠨ ᠣᠯᠠᠨ ᠲᠦᠮᠡᠨ ᠤ ᠰᠡᠳᠬᠢᠯ ᠳᠠᠬᠢ ᠨᠥᠯᠥᠭᠡᠯᠡᠬᠦ ᠬᠦᠴᠦᠨ ᠪᠠ ᠨᠢᠭᠲᠠᠷᠠᠭᠤᠯᠬᠤ ᠬᠦᠴᠦᠨ ᠢ ᠤᠯᠠᠮ ᠨᠢᠭᠡ ᠠᠯᠬᠤᠮ ᠪᠠᠬᠢᠵᠢᠭᠦᠯᠪᠡ᠃
22.jpg
    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠤᠯᠢᠵᠢᠯ ᠤᠨ ᠤᠬᠠᠭᠤᠯᠭ᠎ᠠ ᠪᠣᠯᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠠᠬᠢᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠦᠢᠯᠡᠴᠢᠯᠡᠭᠡᠨ ᠤ ᠬᠡᠯᠪᠡᠷᠢ ᠶᠢ ᠦᠷᠭᠦᠯᠵᠢᠯᠡᠨ ᠰᠦᠪᠡᠭᠴᠢᠯᠡᠵᠦ᠂ ᠲᠠᠰᠤᠷᠠᠯᠳᠡ ᠦᠭᠡᠢ ᠰᠢᠨᠡᠴᠢᠯᠡᠵᠦ᠂ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠠᠵᠢᠯᠳᠠᠨ ᠠᠵᠢᠯᠴᠢᠨ ᠤᠯᠠᠨ ᠲᠦᠮᠡᠨ ᠳᠤ ᠰᠢᠯᠢᠳᠡᠭ᠂ ᠥᠨᠳᠥᠷ ᠪᠦᠲᠦᠮᠵᠢᠲᠡᠢ᠂ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠶᠢ ᠦᠷᠭᠦᠯᠵᠢᠯᠡᠨ ᠬᠠᠩᠭᠠᠬᠤ ᠪᠠᠷ ᠴᠢᠷᠮᠠᠶᠢᠵᠤ᠂ ᠡᠶ᠎ᠡ ᠵᠣᠬᠢᠴᠠᠩᠭᠤᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ᠂ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠨ᠎ᠡ ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号