ᠬᠤᠶᠠᠷᠬᠤᠳᠳᠤᠭ ᠪᠠᠯᠭᠠᠰᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/21
    ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠤᠯᠠᠮ ᠨᠢᠭᠡ ᠠᠯᠬᠤᠮ ᠳᠦᠷᠢᠮᠵᠢᠭᠦᠯᠦᠨ ᠴᠡᠭᠴᠡᠯᠡᠨ ᠵᠠᠰᠠᠵᠤ᠂ ᠴᠡᠪᠡᠷ ᠲᠡᠭᠰᠢ᠂ ᠡᠮᠬᠢ ᠵᠢᠷᠤᠮ ᠲᠠᠢ᠂ ᠭᠤᠢᠳᠠ ᠰᠠᠶᠢᠬᠠᠨ ᠬᠥᠮᠦᠰ ᠤᠨ ᠣᠷᠣᠰᠢᠨ ᠠᠮᠢᠳᠤᠷᠠᠬᠤ ᠣᠷᠴᠢᠨ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠳᠤ᠂ ᠬᠤᠶᠠᠷᠬᠤᠳᠳᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠳᠤ᠂ ᠭᠤᠤᠯᠳᠠᠭᠤ ᠬᠠᠷᠢᠶᠠᠲᠤ ᠣᠷᠣᠨ ᠤ ᠳᠣᠲᠣᠷᠠᠬᠢ ᠭᠤᠤᠯ ᠵᠠᠮ᠂ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠵᠡᠭᠡᠯᠢ ᠡᠰᠡᠷᠭᠦᠯᠡᠭᠰᠡᠨ ᠵᠢᠵᠢᠭ ᠭᠤᠳᠤᠮᠵᠢ ᠳᠤ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠳᠤ ᠬᠡᠪᠢᠰ ᠮᠠᠶ᠋ᠢᠭ ᠤᠨ ᠲᠣᠭᠤᠷᠢᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠲᠤᠰᠬᠠᠶᠢᠯᠠᠨ ᠡᠮᠬᠢᠯᠡᠨ ᠳᠢᠭᠯᠡᠵᠦ᠂ ᠠᠰᠠᠭᠤᠳᠠᠯ ᠤᠨ ᠨᠠᠷᠢᠨ ᠲᠠᠩᠰᠠ ᠶᠢ ᠪᠣᠶ ᠪᠣᠯᠭᠠᠵᠤ᠂ ᠲᠠᠷᠠᠭᠠᠴᠢ ᠶᠢᠨ ᠴᠡᠭᠴᠡᠯᠡᠨ ᠵᠠᠰᠠᠯᠲᠠ ᠳᠤᠮᠳᠠ ᠨᠢᠭᠡᠳ ᠨᠢᠭᠡ ᠪᠠᠷ ᠬᠦᠴᠦᠨ ᠥᠬᠡᠶ ᠪᠣᠯᠭᠠᠵᠤ ᠰᠢᠢᠳᠪᠦᠷᠢᠯᠡᠨ᠎ᠡ᠃ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠤᠬᠠᠭᠤᠯᠤᠨ ᠬᠥᠮᠦᠵᠢᠭᠦᠯᠬᠦ ᠪᠠ ᠬᠠᠤᠯᠢ ᠶᠣᠰᠣᠭᠠᠷ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠠᠵᠢᠯ ᠢ ᠠᠯᠬᠤᠮ ᠠᠯᠬᠤᠮ ᠢᠶᠠᠷ ᠥᠷᠨᠢᠭᠦᠯᠬᠦ ᠶᠢᠨ ᠬᠠᠮᠲᠤ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ  ᠳᠡᠭᠡᠭᠰᠢᠯᠡᠭᠦᠯᠦᠨ᠎ᠡ᠃    ᠲᠠᠷᠠᠭᠠᠴᠢ ᠪᠠᠷ᠂  ᠬᠤᠶᠠᠷᠬᠤᠳᠳᠤᠭ ᠪᠠᠯᠭᠠᠰᠤ ᠲᠣᠭᠤᠷᠢᠨ ᠪᠠᠶᠢᠴᠠᠭᠠᠬᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠬᠤᠶᠠᠷᠬᠤᠳᠳᠤᠭ ᠪᠠᠯᠭᠠᠰᠤᠨ ᠳᠤ ᠭᠤᠶᠣ ᠰᠠᠶᠢᠬᠠᠨ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠬᠤᠲᠠ ᠶᠢᠨ ᠦᠵᠡᠮᠵᠢ ᠶᠢ ᠪᠣᠶ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号