ᠬᠤᠶᠠᠷᠬᠤᠳᠳᠤᠭ ᠪᠠᠯᠭᠠᠰᠤ 2025 ᠣᠨ ᠤ ᠪᠥᠬᠦ ᠪᠠᠯᠭᠠᠰᠤᠨ ᠤ ᠮᠡᠳᠡᠭᠡ ᠵᠠᠩᠭᠢ ᠤᠬᠠᠭᠤᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2025/3/21
    ᠪᠥᠬᠦ ᠪᠠᠯᠭᠠᠰᠤᠨ ᠤ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 18  ᠤ ᠡᠳᠦᠷ᠂ ᠬᠤᠶᠠᠷᠬᠤᠳᠳᠤᠭ ᠪᠠᠯᠭᠠᠰᠤ 2025 ᠣᠨ ᠤ ᠪᠥᠬᠦ ᠪᠠᠯᠭᠠᠰᠤᠨ ᠤ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯᠳᠤᠵᠤ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠭᠤᠤᠯᠯᠠᠭᠴᠢ ᠬᠦᠴᠦᠨ ᠬᠤᠷᠠᠯ ᠳᠤ ᠣᠷᠣᠯᠴᠠᠵᠠᠶ᠃
111.jpg
    ᠬᠤᠷᠠᠯ ᠳᠡᠭᠡᠷ᠎ᠡ ᠪᠠᠯᠭᠠᠰᠤᠨ ᠤ ᠤᠬᠠᠭᠤᠯᠬᠤ ᠠᠵᠢᠯ ᠤᠨ ᠬᠠᠷᠢᠭᠤᠴᠠᠯᠭᠠᠲᠠᠨ ᠮᠧᠩ ᠹᠠᠨ ᠸᠧᠶ 2025 ᠣᠨ ᠤ ᠪᠥᠬᠦ ᠪᠠᠯᠭᠠᠰᠤᠨ ᠤ ᠰᠤᠷᠠᠭ ᠵᠠᠩᠭᠢ ᠶᠢᠨ ᠤᠬᠠᠭᠤᠯᠭ᠎ᠠ ᠶᠢᠨ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠵᠡᠶ᠃ 2025 ᠣᠨ ᠤ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠨᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠭᠤᠳᠤᠮᠵᠢ ᠶᠢᠨ ᠥᠯᠢᠭᠡᠷ ᠢ ᠰᠠᠶᠢᠲᠤᠷ ᠶᠠᠷᠢᠵᠤ᠂ ᠭᠤᠳᠤᠮᠵᠢ ᠶᠢᠨ ᠲᠠᠭᠤᠨ ᠢ ᠳᠠᠮᠵᠢᠭᠤᠯᠤᠨ᠎ᠠ᠃    ᠮᠧᠩ ᠹᠠᠨ ᠸᠧᠶ ᠳᠤᠤᠷᠠᠬᠢ ᠬᠡᠳᠦᠨ ᠲᠠᠯ᠎ᠠ ᠪᠠᠷ ᠬᠦᠴᠦᠯᠡᠬᠦ ᠬᠡᠷᠡᠭᠲᠡᠶ ᠭᠡᠵᠦ ᠳᠤᠷᠠᠳᠪᠠ : ᠨᠢᠭᠡ ᠳᠤ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠣᠰ ᠰᠠᠯᠠᠭ᠎ᠠ ᠮᠥᠴᠢᠷ ᠤᠨ ᠠᠵᠢᠯ ᠤᠨ ᠤᠬᠠᠭᠤᠯᠭ᠎ᠠ ᠶᠢ ᠰᠠᠶᠢᠲᠤᠷ ᠬᠢᠬᠦ ᠶᠢᠨ ᠬᠠᠮᠲᠤ ᠂ ᠦᠨ᠎ᠡ ᠥᠷᠲᠡᠭ ᠲᠠᠢ ᠰᠠᠯᠠᠭ᠎ᠠ ᠮᠥᠴᠢᠷ ᠤᠨ ᠠᠵᠢᠯ ᠤᠨ ᠬᠢᠯᠠᠰ ᠴᠡᠭ᠂ ᠲᠤᠷᠰᠢᠯᠭ᠎ᠠ ᠶᠢ ᠠᠭᠤᠳᠠᠯᠬᠤ ᠶᠢ ᠴᠢᠬᠤᠯᠠᠴᠢᠯᠠᠨ᠎ᠠ︔ ᠬᠤᠶᠠᠷ ᠲᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠸᠢᠴᠠᠲ ᠶᠢᠨ ᠤᠯᠠᠨ ᠨᠡᠶᠢᠲᠡ ᠶᠢᠨ ᠳ᠋ᠤᠭᠠᠷ᠂  ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠵᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠤᠬᠠᠭᠤᠯᠭ᠎ᠠ ᠶᠢᠨ ᠪᠠᠶᠢᠷᠢᠰᠢᠯ ᠢ ᠴᠣᠭᠴᠠᠯᠠᠨ᠎ᠠ︔ ᠭᠤᠷᠪᠠ ᠳᠤ᠂ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠬᠢᠨᠠᠨ ᠰᠢᠯᠭᠠᠬᠤ ᠠᠷᠭ᠎ᠠ ᠶᠢ ᠪᠠᠶᠢᠭᠤᠯᠵᠤ᠂ ᠰᠢᠯᠢᠳᠡᠭ ᠢᠯᠡᠷᠡᠯ ᠲᠠᠢ ᠰᠠᠯᠠᠭ᠎ᠠ ᠮᠥᠴᠢᠷ ᠪᠣᠯᠤᠨ ᠬᠤᠪᠢ ᠬᠥᠮᠦᠨ ᠢ ᠬᠥᠬᠢᠭᠦᠯᠦᠨ ᠱᠠᠩᠨᠠᠵᠤ᠂ ᠠᠵᠢᠯ ᠤᠨ ᠢᠳᠡᠪᠬᠢᠵᠢᠯ ᠢ ᠨᠢ ᠬᠥᠭᠵᠢᠭᠡᠬᠦ ᠬᠡᠷᠡᠭᠲᠡᠶ᠃    ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠪᠣᠯ ᠠᠵᠢᠯ ᠤᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ᠂ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠴᠢᠬᠤᠯᠠ ᠠᠷᠭ᠎ᠠ ᠪᠠᠷᠢᠯ ᠪᠣᠯᠤᠨ᠎ᠠ᠃ ᠲᠣᠰ ᠤᠳᠠᠭᠠᠨ ᠤ ᠬᠤᠷᠠᠯ ᠤᠨ ᠬᠤᠷᠠᠯᠳᠤᠭᠰᠠᠨ ᠨᠢ ᠮᠠᠨ ᠤ ᠪᠠᠯᠭᠠᠰᠤᠨ ᠤ 2025 ᠣᠨ ᠤ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠴᠢᠭᠯᠡᠯ ᠢ ᠲᠣᠳᠣᠷᠬᠠᠶ ᠵᠢᠭᠠᠵᠤ᠂ ᠡᠭᠦᠷᠭᠡ ᠶᠢ ᠲᠣᠳᠣᠷᠬᠠᠶ ᠪᠣᠯᠭᠠᠵᠠᠶ᠃ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢ ᠤᠬᠠᠭᠤᠯᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠮᠡᠳᠡᠭᠡ ᠵᠠᠩᠭᠢ ᠤᠬᠠᠭᠤᠯᠭ᠎ᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠬᠤᠶᠠᠷᠬᠤᠳᠳᠤᠭ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠤᠯᠭᠠᠨ᠎ᠠ ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号