ᠴᠣᠩᠬᠤ ᠪᠠᠨ ᠤᠷᠤᠭᠰᠢ ᠨᠡᠭᠦᠯᠭᠡᠨ ᠬᠦᠳᠡᠭᠡ ᠲᠤᠰᠬᠤᠨ ᠳᠤ ᠰᠢᠯᠵᠢᠨ ᠤᠷᠤᠵᠤ᠂ ᠨᠠᠷᠢᠯᠢᠭ ᠣᠨᠣᠪᠴᠢᠲᠠᠶ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠶ᠎ᠠ
ᠨᠡᠶᠢᠲᠡᠯᠡᠭᠰᠡᠨ ᠴᠠᠭ᠄
2025/3/21
    ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠳ ᠲᠣᠰᠬᠤᠨ ᠪᠠ ᠡᠷᠦᠬᠡ ᠳᠤ ᠬᠦᠷᠴᠦ᠂ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ᠣᠷᠣᠰᠢᠨ ᠲᠣᠭᠲᠠᠨᠢᠬᠤ ᠶᠢ ᠭᠡᠷᠡᠴᠢᠯᠡᠬᠦ ᠪᠠᠶᠢᠳᠠᠯ ᠢ ᠰᠤᠷᠪᠤᠯᠵᠢᠯᠠᠬᠤ ᠠᠵᠢᠯ ᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠨᠢᠭᠡᠪᠦᠷᠢ ᠴᠥᠮ ᠲᠥᠷᠥ ᠶᠢᠨ ᠪᠣᠳᠣᠯᠭ᠎ᠠ ᠶᠢᠨ ᠠᠰᠠᠷᠠᠮᠵᠢ ᠶᠢ ᠦᠨᠡᠨ ᠬᠦ ᠭᠥᠷᠳᠡᠬᠦ ᠶᠢ ᠪᠠᠲᠤᠯᠠᠨ᠎ᠠ᠃    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠭᠡ ᠬᠢᠬᠦ ᠠᠵᠢᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠯᠳᠠᠭᠳᠠᠬᠤ ᠶᠢ ᠰᠡᠷᠭᠡᠶᠢᠯᠡᠵᠦ᠂ ᠣᠯᠭᠤᠮᠵᠢ ᠶᠢ ᠡᠷᠬᠡ ᠲᠡᠭᠰᠢ ᠪᠠᠷ ᠣᠯᠭᠤᠬᠤ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠶᠢᠷ᠎ᠠ ᠶᠢᠨ ᠬᠤᠭᠤᠴᠠᠭᠠᠨ ᠳᠤ᠂ ᠬᠡᠰᠡᠭ ᠣᠯᠠᠨ ᠲᠦᠮᠡᠨ ᠭᠡᠷᠡᠴᠢᠯᠡᠭᠡ ᠶᠢᠨ ᠶᠠᠪᠤᠴᠠ ᠶᠢ ᠰᠠᠶᠢᠨ ᠮᠡᠳᠡᠬᠦ ᠥᠬᠡᠶ᠂ ᠬᠥᠳᠡᠯᠵᠦ ᠪᠠᠷᠢᠬᠤ ᠳᠤ ᠳᠥᠭᠦᠮ ᠦᠭᠡᠢ ᠪᠣᠯ ᠲᠤᠬᠠᠶ ᠶᠢᠨ ᠲᠠᠯᠠᠪᠠᠶ ᠳᠤ ᠭᠦᠢᠴᠡᠳᠭᠡᠬᠦ ᠶᠢᠨ ᠠᠷᠭ᠎ᠠ ᠥᠬᠡᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠤᠯᠠᠨ ᠲᠦᠮᠡᠨ ᠳᠤ ᠦᠢᠯᠡᠴᠢᠯᠡᠬᠦ《 ᠡᠴᠦᠰ ᠤᠨ ᠨᠢᠭᠡ ᠺᠢᠯᠦᠮᠧᠲᠷ 》 ᠢ ᠨᠡᠪᠲᠡᠷᠡᠭᠦᠯᠬᠦ ᠶᠢᠨ ᠲᠥᠯᠥᠭᠡ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃    ᠰᠤᠷᠪᠤᠯᠵᠢᠯᠠᠬᠤ ᠶᠠᠪᠤᠴᠠ ᠳᠤ᠂ ᠠᠵᠢᠯᠲᠠᠳ ᠳᠠᠭᠠᠳᠬᠠᠯ ᠳᠤ ᠣᠷᠣᠯᠴᠠᠭᠰᠠᠨ ᠴᠠᠭ᠂ ᠰᠦᠢᠳᠬᠡᠯ ᠲᠤᠰᠢᠶᠠᠭᠰᠠᠨ ᠵᠣᠭᠤᠰ ᠤᠨ ᠲᠤᠭ᠎ᠠ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠮᠡᠳᠡᠬᠦ ᠡᠰᠡᠬᠦ ᠵᠡᠷᠭᠡ ᠶᠢ ᠪᠠᠭᠲᠠᠭᠠᠭᠰᠠᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠰᠠᠭᠤᠭᠠᠯᠢ ᠠᠷᠠᠳ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠰᠤᠨᠤᠰᠴᠤ ᠣᠶᠢᠯᠠᠭᠠᠬᠤ᠂ ᠣᠶᠢᠯᠠᠭᠠᠵᠤ ᠳᠡᠶᠢᠯᠬᠦ ᠶᠢ ᠦᠨᠡᠨ ᠬᠦ ᠪᠠᠲᠤᠯᠠᠪᠠ᠃ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠬᠤ ᠪᠠᠷ ᠳᠡᠮᠵᠢᠨ᠂ ᠠᠵᠢᠯᠲᠠᠳ ᠠᠩᠬᠠᠨ ᠤ ᠮᠠᠲ᠋ᠧᠷᠢᠶᠠᠯ ᠢ ᠴᠤᠭᠯᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠪᠣᠳᠠᠲᠠᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠲᠥᠷᠥ ᠶᠢᠨ ᠪᠣᠳᠣᠯᠭ᠎ᠠ ᠶᠢᠨ ᠬᠦᠰᠡᠯ ᠡᠷᠡᠮᠡᠯᠵᠡᠯ ᠢ ᠣᠶᠢᠯᠠᠭᠠᠵᠤ᠂ ᠲᠠᠷᠠᠭᠠᠴᠢ ᠶᠢᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠠᠵᠢᠯᠯᠠᠬᠤ ᠠᠷᠭ᠎ᠠ ᠪᠠᠨ ᠰᠠᠶᠢᠵᠢᠷᠠᠭᠤᠯᠬᠤ ᠳᠤ ᠬᠦᠴᠦᠲᠡᠶ ᠦᠨᠳᠦᠰᠦᠯᠡᠯ ᠬᠠᠩᠭᠠᠭᠰᠠᠨ ᠪᠠᠶᠢᠨ᠎ᠠ᠃    ᠮᠠᠨ ᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠰᠤᠵᠢᠯ ᠤᠨ ᠳᠠᠭᠠᠳᠬᠠᠯ ᠪᠠ ᠣᠷᠣᠰᠢᠨ ᠠᠮᠢᠳᠤᠷᠠᠬᠤ ᠭᠡᠷᠡᠴᠢᠯᠡᠯ ᠤᠨ ᠠᠵᠢᠯ ᠢ ᠨᠠᠩ ᠣᠨᠣᠪᠴᠢᠲᠠᠶ᠂ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠳᠥᠯᠭᠢᠨ ᠠᠬᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号