ᠵᠢᠦ ᠶᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢᠳᠡᠭᠡᠨ ᠤ ᠠᠮᠤᠷ ᠲᠦᠪᠰᠢᠨ ᠵᠢᠴᠢ ᠢᠳᠡᠭᠡᠨ ᠤ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/21
    ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂  ᠵᠢᠤ ᠶᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ 2025 ᠣᠨ ᠤ 3 ᠰᠠᠷ᠎ᠠ ᠶᠢᠨ 14  ᠤ ᠡᠳᠦᠷ ᠤᠨ ᠸᠠᠨ ᠳ᠋ᠠ ᠲᠠᠯᠠᠪᠠᠶ ᠳᠤ《 ᠢᠳᠡᠭᠡᠨ ᠤ ᠠᠮᠤᠷ ᠲᠦᠪᠰᠢᠨ ᠢ ᠪᠠᠲᠤ ᠴᠡᠭᠡᠵᠢᠯᠡᠵᠦ᠂ ᠡᠷᠡᠭᠦᠯ ᠮᠠᠨᠳᠤ ᠠᠮᠢᠳᠤᠷᠠᠯ ᠲᠠᠢ ᠬᠠᠮᠲᠤ ᠶᠠᠪᠤᠬᠤ 》 ᠪᠠᠷ ᠭᠤᠤᠯ ᠰᠡᠳᠦᠪ ᠪᠣᠯᠭᠠᠭᠰᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠬᠦᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠢᠳᠡᠭᠡᠨ ᠤ ᠠᠮᠤᠷ ᠲᠦᠪᠰᠢᠨ ᠪᠠ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃ 
111.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ ᠢᠯᠡ ᠭᠠᠵᠠᠷ ᠲᠤ《 ᠢᠳᠡᠭᠡᠨ ᠤ ᠠᠮᠤᠷ ᠲᠦᠪᠰᠢᠨ ᠢ ᠪᠠᠲᠤ ᠴᠡᠭᠡᠵᠢᠯᠡᠵᠦ᠂ ᠡᠷᠡᠭᠦᠯ ᠮᠡᠨᠳᠦ ᠠᠮᠢᠳᠤᠷᠠᠯ ᠲᠠᠢ ᠬᠠᠮᠲᠤ  ᠶᠠᠪᠤᠬᠤ 》ᠭᠡᠬᠦ ᠤᠬᠠᠭᠤᠯᠭ᠎ᠠ ᠶᠢᠨ ᠪᠢᠴᠢᠭᠡᠰᠦ ᠶᠢ ᠡᠯᠭᠦᠭᠰᠡᠨ ᠤ ᠬᠠᠮᠲᠤ᠂ ᠨᠠᠰᠢ ᠴᠠᠰᠢ ᠶᠠᠪᠤᠵᠤ ᠪᠠᠶᠢᠭ᠎ᠠ ᠬᠤᠲᠠ ᠶᠢᠨ ᠠᠷᠠᠳ ᠲᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠠᠭᠤᠯᠭ᠎ᠠ ᠨᠢ ᠸᠢᠷᠦ᠋ᠰ ᠢ ᠰᠡᠷᠭᠡᠶᠢᠯᠡᠨ ᠬᠢᠵᠠᠭᠠᠷᠯᠠᠬᠤ᠂ ᠢᠳᠡᠭᠡᠨ ᠤ ᠠᠮᠤᠷ ᠲᠦᠪᠰᠢᠨ ᠵᠢᠴᠢ ᠢᠳᠡᠭᠡᠨ ᠠᠴᠠ ᠢᠷᠡᠯᠲᠡ ᠲᠠᠢ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠵᠡᠷᠭᠡ ᠬᠡᠷᠡᠭᠯᠡᠭᠡᠨ ᠤ ᠮᠡᠳᠡᠯᠭᠡ ᠵᠢᠴᠢ ᠢᠳᠡᠭᠡᠨ ᠠᠴᠠ ᠢᠷᠡᠯᠲᠡ ᠲᠠᠢ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠳᠤ ᠠᠩᠬᠠᠷᠬᠤ ᠵᠦᠢᠯᠡᠰ ᠢ ᠪᠠᠭᠲᠠᠭᠠᠵᠠᠶ᠃ ᠵᠢᠦ ᠶᠤᠸᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠲᠠᠪᠴᠠᠩ ᠪᠠᠶᠢᠭᠤᠯᠵᠤ᠂ ᠣᠯᠠᠨ ᠲᠦᠮᠡᠨ ᠳᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠠᠩᠭᠠᠪᠠ᠃ ᠣᠯᠠᠨ ᠲᠦᠮᠡᠨ ᠤ ᠠᠩᠬᠠᠷᠴᠤ ᠪᠠᠶᠢᠭ᠎ᠠ《 ᠢᠳᠡᠭᠡᠨ ᠤ ᠠᠮᠤᠷ ᠲᠦᠪᠰᠢᠨ ᠢ ᠬᠡᠷᠬᠢᠨ ᠠᠩᠬᠠᠷᠬᠤ 》᠂《 ᠢᠳᠡᠭᠡᠨ ᠳᠤ ᠬᠤᠤᠷᠳᠠᠭᠳᠠᠬᠤ ᠶᠢ ᠬᠡᠷᠬᠢᠨ ᠰᠡᠷᠭᠡᠶᠢᠯᠡᠬᠦ 》ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠬᠦᠯᠢᠴᠡᠩᠭᠦᠶ ᠪᠠᠷ ᠲᠠᠶᠢᠯᠤᠮᠵᠢ ᠬᠢᠬᠦ ᠶᠢᠨ ᠬᠠᠮᠲᠤ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠣᠯᠠᠨ ᠢ ᠬᠠᠪᠰᠤᠷᠤᠨ ᠢᠳᠡᠭᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 6 ᠵᠦᠢᠯ ᠤᠨ 300 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ 20 ᠭᠠᠷᠤᠶ ᠬᠥᠮᠦᠨ ᠤᠳᠠᠭ᠎ᠠ ᠶᠢᠨ ᠠᠰᠠᠭᠤᠨ ᠯᠠᠪᠯᠠᠭ᠎ᠠ ᠶᠢ ᠭᠥᠯᠢᠶᠡᠨ ᠠᠪᠴᠤ᠂ ᠣᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠤᠯᠪᠠ᠃ ᠮᠠᠰᠢ ᠣᠯᠠᠨ ᠬᠤᠲᠠ ᠶᠢᠨ ᠠᠷᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ ᠢᠳᠡᠭᠡᠨ ᠤ ᠠᠮᠤᠷ ᠲᠦᠪᠰᠢᠨ ᠤ ᠬᠡᠷᠡᠭᠯᠡᠭᠡᠨ ᠤ ᠮᠡᠳᠡᠯᠭᠡ ᠶᠢ ᠣᠯᠵᠤ  ᠰᠤᠷᠤᠭᠰᠠᠨ᠂ ᠬᠤᠶᠢᠰᠢᠳᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠨᠠᠩ ᠢᠯᠡᠭᠦᠦ ᠠᠩᠬᠠᠷᠴᠤ᠂ ᠢᠳᠡᠭᠡᠨ ᠤ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠤᠳᠠᠯᠳᠤᠨ ᠠᠪᠬᠤ ᠪᠠ ᠬᠠᠳᠠᠭᠠᠯᠠᠵᠤ᠂ ᠬᠡᠷ ᠤᠨ ᠬᠥᠮᠦᠰ ᠤᠨ ᠡᠷᠡᠭᠦᠯ ᠮᠡᠨᠳᠦ ᠶᠢ ᠪᠠᠲᠤᠯᠠᠨ᠎ᠠ ᠭᠡᠵᠡᠶ᠃    ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠭᠡᠷ ᠬᠤᠷᠢᠶᠡᠯᠠᠯ᠂ ᠰᠤᠷᠭᠠᠭᠤᠯᠢ᠂ ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠣᠯᠠᠨ ᠤ《ᠬᠡᠯᠡᠨ ᠳᠡᠭᠡᠷᠡᠬᠢ ᠠᠮᠤᠷ ᠲᠦᠪᠰᠢᠨ》 ᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号