ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠂ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ | ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃ | ᠪᠡᠯᠡ ᠮᠥᠩᠭᠦ ᠶᠢ ᠨᠢᠭᠡᠳᠦᠯᠲᠡᠢ ᠳᠤ ᠲᠥᠯᠥᠪᠵᠢᠭᠦᠯᠬᠦ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ 2025 ᠣᠨ ᠤ ᠨᠢᠭᠡᠳᠦᠭᠡᠷ ᠤᠯᠠᠷᠢᠯ ᠳᠤ᠂ ᠬᠦᠴᠢᠷᠳᠡᠯᠲᠡᠶ | ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 582.89 ᠲᠦᠮᠡᠨ ᠲᠥᠭᠦᠷᠢᠭ ᠪᠠᠭᠤᠯᠭᠠᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠡᠭᠦᠨ ᠳᠤ᠂ ᠬᠤᠲᠠ ᠬᠥᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ 411.69 ᠲᠦᠮᠡᠨ ᠲᠥᠭᠦᠷᠢᠭ᠂ ᠣᠨᠴᠠ | ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠯᠠ ᠮᠥᠩᠭᠦ 155.57 ᠲᠦᠮᠡᠨ ᠲᠥᠭᠦᠷᠢᠭ᠂ | ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ 5.45 ᠲᠦᠮᠡᠨ ᠲᠥᠭᠦᠷᠢᠭ᠂ ᠥᠨᠥᠴᠢᠨ ᠬᠡᠦᠬᠡᠳ ᠪᠠ ᠪᠣᠳᠠᠲᠠᠶ | ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠢ ᠠᠪᠤᠷᠠᠨ ᠲᠤᠰᠠᠯᠠᠬᠤ ᠪᠠᠯᠠ ᠮᠥᠩᠭᠦ 14.59 ᠲᠦᠮᠡᠨ ᠲᠥᠭᠦᠷᠢᠭ | ᠪᠣᠶ᠃ ᠨᠡᠶᠢᠲᠡ 3064 ᠡᠷᠦᠬᠡ᠂ 6695 ᠬᠥᠮᠦᠨ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠬᠤ ᠪᠠᠯᠠ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠳᠤ ᠪᠠᠲᠤ ᠲᠦᠰᠢᠭ ᠬᠠᠩᠭᠠᠪᠠ᠃ | ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ《 ᠵᠣᠭᠤᠰᠣᠨ | ᠴᠦᠩᠬᠦ 》 ᠶᠢ ᠰᠠᠶᠢᠲᠤᠷ ᠰᠠᠬᠢᠨ᠎ᠠ᠃ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠬᠦᠴᠢᠷᠳᠡᠯᠲᠡᠶ | ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠯᠠ | ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃ ᠨᠢᠭᠡ ᠳᠤ ᠪᠠᠯᠠ ᠮᠥᠩᠭᠦ ᠶᠢᠨ ᠲᠤᠰᠬᠠᠶ | ᠵᠣᠭᠤᠰ ᠢ ᠲᠤᠰᠬᠠᠶ ᠬᠡᠷᠡᠭᠯᠡᠬᠦ᠂ ᠲᠤᠰᠬᠠᠶ ᠲᠠᠩᠰᠠ ᠪᠠᠷ ᠲᠣᠭᠠᠴᠠᠭ᠎ᠠ ᠬᠢᠬᠦ᠂ ᠲᠤᠰᠬᠠᠶ ᠵᠦᠢᠯ ᠢᠶᠠᠷ ᠬᠠᠮᠢᠶᠠᠷᠬᠤ ᠶᠢ | ᠴᠢᠩᠭ᠎ᠠ ᠬᠡᠷᠡᠭᠵᠢᠭᠦᠯᠦᠨ᠎ᠡ︔ ᠬᠤᠶᠠᠷ ᠲᠤ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠴᠢᠩᠭᠠᠳᠬᠠᠵᠤ᠂ ᠠᠪᠤᠷᠠᠨ ᠲᠤᠰᠠᠯᠠᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠮᠥᠷᠳᠡᠨ ᠦᠷ᠎ᠡ ᠪᠦᠲᠦᠮᠵᠢ ᠶᠢ | ᠨᠢ ᠠᠰᠠᠭᠤᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ︔ ᠭᠤᠷᠪᠠ ᠳᠤ | ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠠᠪᠤᠷᠠᠨ ᠲᠤᠰᠠᠯᠠᠬᠤ ᠪᠠᠯᠠ ᠮᠥᠩᠭᠦ ᠶᠢᠨ ᠲᠤᠰᠬᠠᠶ ᠪᠠᠶᠢᠴᠠᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ᠂ ᠬᠤᠳᠠᠯ ᠢᠶᠠᠷ ᠮᠡᠳᠡᠭᠦᠯᠵᠦ | ᠬᠠᠭᠤᠷᠮᠠᠭᠯᠠᠨ ᠠᠪᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠯᠢᠳᠡᠭᠵᠢᠭᠦᠯᠵᠦ᠂ ᠠᠪᠤᠷᠠᠨ ᠲᠤᠰᠠᠯᠠᠬᠤ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ | ᠲᠤᠰᠠᠯᠠᠬᠤ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠠᠪᠤᠷᠠᠨ ᠲᠤᠰᠠᠯᠠᠬᠤ ᠪᠠᠯᠠ ᠮᠥᠩᠭᠦ ᠶᠢᠨ ᠲᠥᠰᠦᠪ᠂ | ᠰᠠᠯᠭᠠᠨ ᠦᠭᠬᠦ᠂ ᠣᠯᠭᠤᠬᠤ᠂ ᠬᠡᠷᠡᠭᠯᠡᠬᠦ ᠵᠡᠷᠭᠡ ᠡᠯ᠎ᠡ ᠭᠤᠭᠴᠣᠭᠠᠨ ᠤ ᠠᠵᠢᠯ ᠤᠨ ᠬᠠᠷᠢᠭᠤᠴᠠᠯᠭ᠎ᠠ ᠶᠢ ᠬᠢᠨᠠᠮᠠᠭᠠᠶ | ᠭᠦᠢᠴᠡᠳᠬᠡᠵᠦ᠂ ᠴᠢᠩᠭ᠎ᠠ ᠬᠢᠨᠠᠨ ᠬᠠᠷᠭᠤᠭᠤᠯᠵᠤ᠂ ᠪᠢᠲᠡᠭᠦᠦ ᠴᠠᠭᠠᠷᠢᠭ ᠪᠦᠷᠢᠯᠳᠦᠭᠦᠯᠬᠦ ᠶᠢ ᠦᠨᠡᠨᠬᠦ ᠪᠠᠲᠤᠯᠠᠨ᠎ᠠ᠃ | ᠴᠢᠩᠭ᠎ᠠ ᠬᠦᠴᠦᠲᠡᠶ ᠠᠵᠢᠯ ᠤᠨ ᠨᠡᠶᠢᠯᠡᠮᠡᠯ ᠬᠦᠴᠦᠨ ᠢᠶᠠᠷ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠬᠠᠮᠲᠤᠪᠠᠷ ᠰᠠᠶᠢᠲᠤᠷ ᠬᠢᠨ᠎ᠡ᠃ | | | | | | | | |