ᠢᠳᠡᠭᠡᠨ ᠤ ᠠᠮᠤᠷ ᠲᠦᠪᠰᠢᠨ ᠢ ᠬᠠᠮᠠᠭᠠᠯᠠᠵᠤ᠂ ᠬᠤᠭᠤᠰᠤᠨ  ᠫᠠᠨᠰᠠ ᠶᠢᠨ ᠠᠵᠢᠯᠯᠠᠭ᠎ᠠ ᠶᠢ ᠦᠢᠯᠡᠳᠦᠯᠭᠡᠵᠢᠭᠦᠯᠦᠶ᠎ᠡ
ᠨᠡᠶᠢᠲᠡᠯᠡᠭᠰᠡᠨ ᠴᠠᠭ᠄
2025/3/24
    ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂《 ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ 》ᠰᠠᠶᠢᠨ ᠰᠠᠶᠢᠬᠠᠨ ᠬᠤᠭᠤᠯᠠᠯᠠᠬᠤ ᠣᠶᠢᠯᠠᠭᠠᠭᠳᠠᠬᠤᠨ ᠢ ᠤᠬᠠᠭᠤᠯᠪᠠ ᠃  3 ᠰᠠᠷ᠎ᠠ ᠶᠢᠨ 19  ᠤ ᠡᠳᠦᠷ᠂ ᠸᠠᠨ ᠺᠧ ᠭᠡᠷ ᠬᠤᠷᠢᠶᠠᠯᠠᠯ ᠬᠠᠷᠢᠶ᠎ᠠ ᠤᠷᠤᠨ ᠤ ᠵᠠᠬ᠎ᠠ ᠳᠡᠯᠭᠡᠭᠦᠷ ᠲᠤ《 ᠢᠳᠡᠭᠡᠨ ᠤ ᠠᠮᠤᠷ ᠲᠦᠪᠰᠢᠨ ᠢ ᠬᠠᠮᠠᠭᠠᠯᠠᠵᠤ   ᠬᠤᠭᠤᠰᠤᠨ ᠫᠢᠯᠠ ᠶᠢᠨ ᠦᠢᠯᠡᠳᠦᠯᠭᠡᠵᠢᠭᠦᠯᠬᠦ ᠠᠵᠢᠯᠯᠠᠭ᠎ᠠ 》 ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠡᠷ ᠬᠤᠷᠢᠶᠠᠯᠠᠯ ᠤᠨ ᠠᠵᠢᠯᠲᠠᠳ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠳᠠᠯᠳᠤᠭᠠᠴᠢᠨ ᠬᠢᠭᠡᠳ ᠰᠠᠭᠤᠭᠠᠯᠢ ᠠᠷᠠᠳ ᠲᠤ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ᠂ ᠪᠣᠯᠪᠠᠰᠤᠨ ᠢᠶᠠᠷ ᠬᠤᠭᠤᠯᠠᠯᠠᠬᠤ ᠮᠡᠳᠡᠯᠭᠡ ᠵᠢᠴᠢ ᠡᠳᠦᠷ ᠲᠤᠲᠤᠮ ᠤᠨ ᠠᠮᠢᠳᠤᠷᠠᠯ ᠳᠤᠮᠳᠠᠬᠢ ᠢᠳᠡᠭᠡᠨ ᠤ ᠠᠮᠤᠷ ᠲᠦᠪᠰᠢᠨ ᠤ ᠠᠩᠬᠠᠷᠬᠤ ᠵᠦᠢᠯᠡᠰ ᠵᠡᠷᠭᠡ ᠶᠢ ᠲᠦᠭᠡᠮᠡᠯᠵᠢᠭᠦᠯᠵᠦ᠂ ᠪᠣᠯᠪᠠᠰᠤᠨ᠂ ᠡᠷᠡᠭᠦᠯ᠂ ᠣᠶᠤᠨᠴᠢ᠂ ᠪᠣᠬᠢᠷᠲᠤᠯ ᠥᠬᠡᠶ ᠬᠡᠷᠡᠭᠯᠡᠭᠡ ᠶᠢᠨ ᠤᠶᠢᠯᠠᠭᠠᠭᠳᠠᠬᠤᠨ ᠢ ᠬᠥᠲᠥᠯᠦᠨ ᠵᠢᠯᠣᠭᠤᠳᠴᠤ ᠪᠣᠶ ᠪᠣᠯᠭᠠᠨ᠂《 ᠪᠦᠷᠢᠯᠭᠡᠨ ᠰᠦᠢᠳᠭᠡᠬᠦ  ᠶᠢ ᠡᠰᠡᠷᠭᠦᠴᠡᠬᠦ᠂ ᠪᠥᠬᠦ ᠠᠷᠠᠳ ᠢᠶᠠᠷ ᠢᠶᠠᠨ ᠣᠷᠣᠯᠴᠠᠬᠤ 》ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ  ᠪᠤᠯᠭᠠᠪᠠ᠃    ᠲᠣᠰ ᠤᠳᠠᠭᠠᠨ ᠤ ᠠᠵᠢᠯᠯᠠᠭ᠎ᠠ ᠨᠢ《 ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠡᠰᠡᠷᠭᠦᠴᠡᠵᠦ᠂ ᠬᠤᠭᠤᠰᠤᠨ ᠫᠢᠯᠠ ᠶᠢᠨ ᠦᠢᠯᠡᠳᠦᠯᠭᠡᠵᠢᠭᠦᠯᠬᠦ ᠠᠵᠢᠯᠯᠠᠭ᠎ᠠ  》ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠣᠯᠠᠨ ᠳᠤ ᠢᠳᠡᠭᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠲᠣᠳᠣᠷᠬᠠᠶ ᠲᠠᠨᠢᠭᠤᠯᠵᠤ᠂ ᠣᠯᠠᠨ ᠤ《 ᠬᠡᠯᠡᠨ ᠳᠡᠭᠡᠷᠡᠬᠢ ᠠᠮᠤᠷ ᠲᠦᠪᠰᠢᠨ 》 ᠢ ᠦᠨᠡᠨ ᠬᠦ ᠪᠠᠲᠤᠯᠠᠪᠠ᠃ ᠵᠠᠯᠭᠠᠭᠠᠳ᠂ ᠸᠠᠨ ᠺᠧ ᠭᠡᠷ ᠬᠤᠷᠢᠶᠠᠯᠠᠯ《 ᠬᠤᠭᠤᠰᠣᠨ ᠫᠢᠯᠠ ᠶᠢᠨ ᠠᠵᠢᠯᠯᠠᠭ᠎ᠠ 》 ᠶᠢ ᠪᠠᠶᠢᠩᠭᠤᠵᠢᠭᠤᠯᠤᠨ ᠦᠢᠯᠡᠳᠦᠯᠭᠡᠵᠢᠭᠦᠯᠵᠦ᠂  ᠭᠡᠷ ᠬᠤᠷᠢᠶᠠᠯᠠᠯ ᠤᠨ ᠢᠳᠡᠭᠡᠨ ᠤᠮᠳᠠᠭᠠᠨ ᠤ ᠠᠵᠢᠯ ᠲᠥᠷᠥᠯ ᠪᠣᠯᠤᠨ ᠥᠷᠭᠡᠨ ᠣᠯᠠᠨ ᠬᠡᠷᠡᠭᠯᠡᠭᠴᠢᠳ ᠪᠣᠯᠬᠢ ᠳᠠᠳᠬᠠᠯ ᠢᠶᠠᠨ ᠲᠠᠶᠠᠭᠳᠠᠵᠤ᠂ ᠰᠢᠨ᠎ᠡ ᠰᠤᠷᠲᠠᠯ ᠢ ᠪᠣᠶ ᠪᠣᠯᠭᠠᠵᠤ᠂ ᠠᠮᠤ ᠪᠤᠳᠠᠭ᠎ᠠ ᠶᠢ ᠠᠷᠪᠢᠯᠠᠬᠤ ᠦᠢᠯᠡᠳᠦᠯᠭᠡᠵᠢᠭᠦᠯᠦᠭᠴᠢ᠂ ᠬᠤᠭᠤᠯᠠᠨ ᠰᠢᠷᠡᠭᠡᠨ ᠤ ᠪᠣᠯᠪᠠᠰᠤᠨ ᠤ ᠵᠢᠱᠢᠶ᠎ᠡ ᠦᠵᠡᠭᠦᠯᠦᠭᠴᠢ ᠪᠣᠯᠬᠤ ᠪᠠᠷ ᠴᠢᠷᠮᠠᠶᠢᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠲᠡᠪᠴᠢᠬᠦ ᠤᠬᠠᠭᠤᠯᠤᠭᠴᠢ  ᠪᠤᠯᠬᠤ ᠪᠠᠷ  ᠤᠷᠢᠶᠠᠯᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号