ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠲᠣᠰᠬᠤᠨ ᠳᠤ ᠬᠦᠷᠭᠡᠵᠦ  ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠨᠢᠭᠤᠷᠳᠠᠨ ᠬᠠᠩᠭᠠᠬᠤ
ᠨᠡᠶᠢᠲᠡᠯᠡᠭᠰᠡᠨ ᠴᠠᠭ᠄
2025/3/24
 11.jpg
      3 ᠰᠠᠷ᠎ᠠ ᠶᠢᠨ 20  ᠤ ᠡᠳᠦᠷ᠂ ᠬᠤᠶᠠᠷᠬᠤᠳᠳᠤᠭ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠳ ᠴᠤᠭᠯᠠᠭ᠎ᠠ ᠮᠠᠶᠢᠮᠠᠶ ᠶᠢᠨ ᠲᠥᠪᠯᠡᠷᠡᠭᠦᠯᠦᠨ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠵᠢᠯ ᠤᠨ ᠬᠢᠷᠢ ᠬᠡᠮ ᠤᠨ ᠭᠠᠷ ᠤᠲᠠᠰᠤᠨ ᠤ  APP  ᠭᠡᠷᠡᠴᠢᠯᠡᠯ ᠤᠨ ᠵᠦᠭᠯᠡᠭᠦᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃     ᠠᠵᠢᠯᠲᠠᠳ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠵᠢᠴᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠪᠠ᠃ ᠤᠶᠤᠨᠲᠤ ᠭᠠᠷ ᠤᠲᠠᠰᠤ ᠬᠡᠷᠡᠭᠯᠡᠵᠦ ᠴᠢᠳᠠᠬᠤ ᠥᠬᠡᠶ ᠬᠡᠰᠡᠭ ᠣᠯᠠᠨ ᠲᠦᠮᠡᠨ ᠳᠤ ᠴᠢᠭᠯᠡᠭᠦᠯᠦᠨ᠂ ᠠᠵᠢᠯᠲᠠᠳ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠠᠪᠤᠴᠠ ᠶᠢ ᠬᠦᠯᠢᠴᠡᠩᠭᠦᠶ ᠪᠠᠷ ᠦᠵᠡᠭᠦᠯᠪᠡ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠡᠪᠡᠳᠴᠢᠨ ᠤ ᠮᠡᠳᠡᠭᠦᠯᠦᠯᠲᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠢ ᠬᠢᠨᠠᠨ ᠬᠠᠷᠭᠤᠭᠤᠯᠬᠤ ᠵᠡᠷᠭᠡ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠰᠡᠳᠬᠢᠯ ᠳᠤ ᠦᠨᠡᠨ ᠬᠦ ᠬᠦᠷᠭᠡᠪᠡ᠃
22.jpg
    ᠮᠠᠨ ᠤ ᠪᠠᠯᠭᠠᠰᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠣᠯᠠᠨ ᠲᠦᠮᠡᠨ ᠤ ᠠᠮᠢᠳᠤᠷᠠᠯ ᠳᠤ ᠣᠷᠣᠭᠤᠯᠬᠤ ᠶᠢ ᠪᠠᠲᠤᠯᠠᠵᠤ᠂ ᠤᠬᠠᠭᠤᠯᠭ᠎ᠠ ᠶᠢᠨ ᠠᠷᠭ᠎ᠠ ᠵᠠᠮ ᠢᠶᠠᠨ ᠦᠷᠭᠦᠯᠵᠢᠯᠡᠨ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠢᠯᠢᠳᠡᠭᠵᠢᠭᠦᠯᠦᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠣᠰᠬᠤᠨ ᠤ ᠠᠷᠠᠳ ᠨᠢᠭᠡᠪᠦᠷᠢ ᠳᠤ ᠣᠨᠣᠪᠴᠢᠲᠠᠶ ᠪᠠᠷ ᠳᠠᠮᠵᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号