ᠵᠢᠤ ᠶᠤᠸᠠᠨ ᠲᠣᠭᠤᠷᠢᠭ ᠤᠨ ᠳᠠᠷᠤᠭ᠎ᠠ᠂ ᠲᠣᠭᠤᠷᠢᠭ ᠤᠨ ᠱᠠᠲᠤᠨ ᠤ ᠣᠶ ᠰᠢᠭᠤᠶ ᠶᠢᠨ ᠳᠠᠷᠤᠭ᠎ᠠ ᠯᠢᠦ ᠰᠢᠶᠤᠤ ᠫᠢᠩ ᠣᠶ ᠰᠢᠭᠤᠶ ᠶᠢ ᠲᠤᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/24
111.jpg
       3 ᠰᠠᠷ᠎ᠠ ᠶᠢᠨ 19  ᠤ ᠡᠳᠦᠷ᠂ ᠵᠢᠤ ᠶᠤᠸᠠᠨ ᠲᠣᠭᠤᠷᠢᠭ ᠤᠨ ᠳᠠᠷᠤᠭ᠎ᠠ ᠯᠢᠦ ᠰᠢᠶᠤᠤ ᠫᠢᠩ ᠣᠶ ᠰᠢᠭᠤᠶ ᠶᠢ ᠲᠤᠭᠤᠷᠢᠨ ᠪᠠᠶᠢᠴᠠᠭᠠᠪᠠ᠃ ᠯᠢᠦ ᠰᠢᠶᠤᠤ ᠫᠢᠩ ᠮᠠᠨ ᠤ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠵᠢᠤ ᠶᠤᠸᠠᠨ ᠲᠤᠭᠤᠷᠢᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠵᠢᠴᠢ ᠣᠶ ᠰᠢᠭᠤᠶ ᠶᠢᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠂  ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠵᠣᠣ ᠵᠢᠶᠠᠨ ᠬᠥᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠲᠡᠷᠡ ᠴᠢᠬᠤᠯᠠᠴᠢᠯᠠᠭᠰᠠᠨ ᠨᠢ : ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠶ ᠰᠢᠭᠤᠶ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠯ ᠰᠡᠷᠭᠡᠶᠢᠯᠡᠬᠦ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠣᠶ ᠰᠢᠭᠤᠶ ᠶᠢᠨ ᠬᠠᠮᠠᠭᠠᠯᠠᠭᠴᠢ ᠨᠢᠭᠡᠪᠦᠷᠢ ᠴᠥᠮ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠪᠠ ᠭᠠᠯ ᠤᠨᠲᠠᠷᠠᠭᠠᠬᠤ ᠠᠶᠤᠯ ᠠᠴᠠ ᠠᠪᠤᠷᠠᠬᠤ ᠦᠨᠳᠦᠰᠦᠨ ᠮᠡᠷᠭᠡᠵᠢᠯ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠭᠠᠯ ᠤᠨᠲᠠᠷᠠᠭᠠᠬᠤ᠂ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠤᠢᠢᠯᠠᠭᠠᠭᠳᠠᠬᠤᠨ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠤᠶᠠᠯᠳᠤᠭᠤᠯᠬᠤ ᠶᠢ ᠴᠢᠬᠤᠯᠠᠴᠢᠯᠠᠵᠤ᠂ ᠲᠦᠷᠦᠯ ᠵᠦᠢᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠴᠢᠩᠭᠠᠳᠬᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号