| | ᠣᠶᠢᠷ᠎ᠠ ᠳᠤ᠂ ᠮᠠᠨ ᠤ ᠲᠣᠪᠴᠢᠶ᠎ᠠ ᠥᠪᠥᠷ ᠮᠣᠩᠭᠤᠯ ᠤᠨ ᠴᠠᠬᠢᠯᠭᠠᠨ ᠬᠦᠴᠦᠨ ( ᠪᠦᠯᠦᠭᠯᠡᠯ ) ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ ᠶᠢᠨ ᠳᠠᠯᠠᠳ ᠬᠤᠰᠢᠭᠤᠨ ᠤ ᠴᠠᠬᠢᠯᠭᠠᠨ ᠤ ᠦᠢᠯᠡᠳᠪᠦᠷᠢ ᠶᠢᠨ ᠳᠥᠷᠪᠡᠳᠦᠭᠡᠷ᠂ ᠲᠠᠪᠤᠳᠤᠭᠠᠷ | ᠬᠤᠭᠤᠴᠠᠭᠠᠨ ᠤ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠶᠢᠩ ᠬᠤᠸᠠ ᠢᠨᠵᠧᠨᠧᠷᠢᠩ ( ᠨᠢᠭᠡᠳᠦᠭᠡᠷ | ᠬᠤᠭᠤᠴᠠᠭ᠎ᠠ ) ᠳᠤ ᠬᠦᠷᠭᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠣᠶᠢᠲᠤ ᠭᠠᠵᠠᠷ ᠢ ᠬᠡᠷᠡᠭᠯᠡᠬᠦ ᠭᠠᠷᠳᠠᠮ | ᠭᠦᠢᠴᠡᠳᠭᠡᠬᠦ ᠠᠵᠢᠯ ᠢ ᠢᠳᠡᠪᠬᠢᠲᠡᠶ ᠳᠥᠯᠭᠢᠨ ᠠᠬᠢᠭᠤᠯᠪᠠ᠃ | ᠲᠣᠰ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠤᠨ ᠠᠬᠢᠴᠠ ᠪᠠᠴᠢᠮ ᠠᠴᠠ ᠪᠣᠯᠵᠣ᠂ ᠣᠶᠢᠲᠤ ᠭᠠᠵᠠᠷ ᠤᠨ | ᠭᠠᠷ ᠭᠦᠢᠴᠡᠳᠬᠡᠯ ᠤᠨ ᠬᠢᠨᠠᠨ ᠵᠥᠪᠰᠢᠶᠡᠷᠡᠯ ᠢ ᠲᠦᠷᠭᠡᠨ ᠪᠡᠶᠡᠯᠡᠭᠦᠯᠬᠦ ᠴᠢᠬᠤᠯᠠᠲᠠᠶ ᠪᠠᠶᠢᠨ᠎ᠠ᠃ ᠪᠠᠶᠢᠳᠠᠯ ᠢ | ᠣᠶᠢᠯᠠᠭᠠᠭᠰᠠᠨ ᠤ ᠳᠠᠷᠠᠭ᠎ᠠ᠂ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠳᠲᠡᠷ ᠲᠦᠷᠭᠡᠨ | ᠬᠥᠳᠡᠯᠦᠯᠴᠡᠵᠦ᠂ ᠬᠤᠷᠴᠠ ᠴᠢᠳᠠᠮᠠᠭᠠᠶ ᠬᠦᠴᠦᠨ ᠢ ᠵᠣᠬᠢᠶᠠᠨ ᠪᠠᠶᠢᠭᠤᠯᠵᠤ ᠬᠠᠮᠢᠶ᠎ᠠ ᠪᠥᠬᠦᠶ ᠮᠠᠲ᠋ᠧᠷᠢᠶᠠᠯ ᠢ | ᠡᠮᠬᠢᠳᠬᠡᠪᠡ᠃ ᠠᠵᠢᠯ ᠤᠨ ᠳᠤᠮᠳᠠ᠂ ᠡᠯ᠎ᠡ ᠵᠠᠩᠭᠢᠯᠠᠭ᠎ᠠ ᠶᠢᠨ ᠠᠵᠢᠯᠲᠠᠳ ᠴᠠᠭ ᠨᠡᠮᠡᠵᠦ ᠠᠵᠢᠯᠯᠠᠨ᠂ ᠴᠢᠩᠭ᠎ᠠ ᠬᠢᠨᠠᠨ | ᠬᠠᠷᠭᠤᠭᠤᠯᠵᠤ᠂ ᠮᠠᠲ᠋ᠧᠷᠢᠶᠠᠯ ᠤᠨ ᠣᠨᠣᠪᠴᠢᠲᠠᠶ ᠪᠦᠷᠢᠨ ᠲᠡᠭᠦᠯᠳᠡᠷ ᠪᠠᠶᠢᠬᠤ ᠶᠢ ᠦᠨᠡᠨᠬᠦ ᠪᠠᠳᠤᠯᠠᠨ᠎ᠠ᠃ | ᠣᠳᠣᠬᠠᠨ ᠳᠤ᠂ ᠡᠪᠬᠡᠮᠡᠯ ᠮᠠᠲ᠋ᠧᠷᠢᠶᠠᠯ ᠢ ᠨᠢᠭᠡᠨᠲᠡ ᠴᠠᠭ ᠲᠤᠬᠠᠶ ᠳᠤᠨᠢ ᠬᠤᠲᠠ ᠶᠢᠨ ᠲᠣᠪᠴᠢᠶ᠎ᠠ ᠳᠤ | ᠮᠡᠳᠡᠭᠦᠯᠵᠦ᠂ ᠬᠤᠲᠠ ᠶᠢᠨ ᠲᠣᠪᠴᠢᠶ᠎ᠠ ᠬᠢᠨᠠᠨ ᠬᠠᠷᠭᠤᠭᠤᠯᠤᠭᠠᠳ ᠤᠷᠤᠭᠰᠢᠲᠠᠶ ᠪᠠᠲᠤᠯᠠᠭᠰᠠᠨ ᠪᠥᠭᠡᠳ ᠨᠢᠭᠡᠨᠲᠡ | ᠥᠪᠡᠷᠲᠡᠭᠡᠨ ᠵᠠᠰᠠᠬᠤ ᠣᠷᠣᠨ ᠳᠤ ᠳᠠᠮᠵᠢᠭᠤᠯᠤᠨ ᠮᠡᠳᠡᠭᠦᠯᠵᠡᠶ᠃ ᠲᠠᠷᠠᠭᠠᠴᠢ ᠪᠠᠷ᠂ ᠮᠠᠨ ᠤ ᠲᠣᠪᠴᠢᠶ᠎ᠠ | ᠦᠷᠭᠦᠯᠵᠢᠯᠡᠨ ᠳᠠᠭᠠᠵᠤ᠂ ᠢᠳᠡᠪᠬᠢᠲᠡᠶ ᠵᠣᠬᠢᠴᠠᠭᠤᠯᠵᠤ᠂ ᠲᠣᠰ ᠲᠥᠷᠥᠯ ᠵᠦᠢᠯ ᠤᠨ ᠣᠶᠢᠲᠤ ᠭᠠᠵᠠᠷ ᠤᠨ ᠭᠠᠷ | ᠭᠦᠢᠴᠡᠳᠬᠡᠯ ᠢ ᠡᠷᠲᠡᠬᠡᠨ ᠬᠢᠨᠠᠨ ᠵᠥᠪᠰᠢᠶᠡᠷᠡᠭᠦᠯᠬᠦ ᠳᠤ ᠬᠦᠴᠦ ᠨᠡᠮᠡᠷᠢᠯᠡᠵᠦ᠂ ᠢᠨᠵᠧᠨᠧᠷᠢᠩ ᠤᠨ ᠤᠷᠤᠭᠰᠢᠲᠠᠶ | ᠶᠠᠪᠤᠭᠳᠠᠬᠤ ᠶᠢ ᠪᠠᠲᠤᠯᠠᠨ᠎ᠠ᠃ | | | | | | |