ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠦᠷᠭᠡᠨ ᠬᠥᠭᠵᠢᠭᠰᠡᠨ ᠤᠰᠤ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠷᠣᠨ ᠪᠦᠰᠡ ᠶᠢᠨ ᠤᠰᠤ ᠬᠠᠩᠭᠠᠬᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠤᠤᠭᠤᠬᠤ ᠤᠰᠤ ᠳᠥᠭᠦᠮ ᠥᠬᠡᠶ | ᠪᠠᠶᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠶᠢᠨ ᠲᠥᠯᠥᠭᠡ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠠᠴᠠ ᠪᠤᠭᠤᠲᠤ ᠶᠢᠨ ᠱᠸᠤ ᠴᠤᠸᠠᠩ ᠬᠠᠲᠤᠨ ᠭᠤᠤᠯ ᠤᠨ ᠤᠰᠤᠨ ᠰᠤᠷᠪᠤᠯᠵᠢ ᠤᠰᠤ | ᠬᠠᠩᠭᠠᠬᠤ ᠬᠢᠵᠠᠭᠠᠷᠲᠤ ᠺᠣᠮᠫᠠᠨᠢ ᠲᠠᠢ ᠬᠠᠮᠵᠢᠯᠴᠠᠨ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠤᠤᠭᠤᠬᠤ ᠤᠰᠤ | ᠴᠡᠪᠡᠷᠰᠢᠭᠦᠯᠬᠦ ᠦᠢᠯᠡᠳᠪᠦᠷᠢ ᠶᠢ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ ᠨᠢ 5045 ᠲᠦᠮᠡᠨ ᠲᠥᠭᠦᠷᠢᠭ ᠪᠠᠶᠢᠵᠤ᠂ ᠦᠢᠯᠡᠳᠪᠦᠷᠢᠯᠡᠯ ᠤᠨ ᠬᠡᠪᠴᠢᠶ᠎ᠡ ᠨᠢ 5000 | ᠪᠣᠰᠤᠭ᠎ᠠ ᠳᠥᠷᠪᠡᠯᠵᠢᠨ ᠮᠧᠲᠷ/ᠡᠳᠦᠷ ᠪᠣᠯᠤᠨ᠎ᠠ᠃ | ᠠᠮᠢᠳᠤᠷᠠᠯ ᠤᠨ ᠤᠤᠭᠤᠬᠤ ᠤᠰᠤ ᠴᠡᠪᠡᠷᠰᠢᠭᠦᠯᠬᠦ ᠦᠢᠯᠡᠳᠪᠦᠷᠢ ᠨᠢ ᠡᠭᠡᠳᠡᠭᠦᠯᠬᠦ᠂ ᠲᠤᠩᠭᠠᠬᠤ᠂ ᠱᠦᠭᠦᠬᠦ ᠪᠠ | ᠠᠷᠢᠭᠤᠳᠬᠠᠬᠤ ᠵᠡᠷᠭᠡ ᠭᠤᠭᠴᠤᠭ᠎ᠠ ᠶᠢ ᠪᠠᠭᠲᠠᠭᠠᠭᠰᠠᠨ ᠲᠡᠷᠢᠭᠦᠨ ᠤ ᠤᠰᠤ ᠴᠡᠪᠡᠷᠰᠢᠭᠦᠯᠬᠦ ᠮᠡᠷᠭᠡᠵᠢᠯ ᠢ ᠬᠡᠷᠡᠭᠯᠡᠵᠦ᠂ | ᠦᠢᠯᠡᠳᠪᠦᠷᠢ ᠠᠴᠠ ᠭᠠᠷᠭᠠᠬᠤ ᠤᠰᠤᠨ ᠤ ᠴᠢᠨᠠᠷ ᠢ ᠤᠯᠤᠰ ᠤᠨ《 ᠠᠮᠢᠳᠤᠷᠠᠯ ᠤᠨ ᠤᠤᠭᠤᠬᠤ ᠤᠰᠤᠨ ᠤ | ᠠᠷᠢᠭᠤᠨ ᠴᠡᠪᠡᠷ ᠤᠨ ᠪᠠᠷᠢᠮᠵᠢᠶ᠎ᠠ 》 ᠳᠤ ᠪᠦᠷᠢᠮᠦᠰᠦᠨ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠲᠣᠰ ᠲᠥᠷᠥᠯ | ᠵᠦᠢᠯ ᠢ 2024 ᠣᠨ ᠤ 6 ᠰᠠᠷ᠎ᠠ ᠳᠤ ᠡᠬᠢᠯᠡᠨ ᠪᠥᠲᠥᠭᠡᠨ ᠪᠠᠶᠢᠭᠤᠯᠵᠤ᠂ ᠪᠠᠴᠢᠮ ᠪᠥᠭᠡᠳ ᠡᠮᠬᠢ ᠵᠢᠷᠤᠮ ᠲᠠᠢ | ᠪᠠᠷᠢᠯᠭ᠎ᠠ ᠪᠠᠷ ᠳᠡᠮᠵᠢᠨ᠂ ᠲᠥᠷᠥᠯ ᠵᠦᠢᠯ ᠤᠨ ᠰᠢᠷᠣᠶ ᠶᠢᠨ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ᠂ | ᠬᠤᠭᠤᠯᠠᠶ ᠶᠢᠨ ᠲᠤᠤᠷ ᠢ ᠳᠡᠪᠢᠰᠬᠦ᠂ ᠲᠣᠨᠤᠭ ᠲᠥᠬᠦᠭᠡᠷᠦᠮᠵᠢ ᠤᠭᠰᠠᠷᠠᠬᠤ᠂ ᠴᠠᠬᠢᠯᠭᠠᠨ ᠬᠠᠩᠭᠠᠬᠤ ᠲᠥᠬᠦᠭᠡᠷᠦᠮᠵᠢ | ᠵᠡᠷᠭᠡ ᠪᠠᠷᠢᠯᠭ᠎ᠠ ᠶᠢ ᠤᠷᠤᠭᠰᠢᠲᠠᠶ ᠳᠠᠭᠤᠰᠬᠠᠵᠤ᠂ 2025 ᠣᠨ ᠤ 3 ᠰᠠᠷ᠎ᠠ ᠶᠢᠨ 7 ᠤ ᠡᠳᠦᠷ ᠴᠠᠬᠢᠯᠭᠠᠨ ᠢ | ᠠᠮᠵᠢᠯᠲᠠ ᠲᠠᠢ ᠪᠠᠷ ᠬᠦᠷᠭᠡᠵᠦ᠂ ᠲᠣᠰ ᠡᠳᠦᠷ ᠠᠴᠠ ᠡᠬᠢᠯᠡᠨ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ | ᠲᠤᠷᠰᠢᠵᠤ ᠦᠢᠯᠡᠳᠪᠦᠷᠢᠯᠡᠪᠡ᠂ ᠡᠨᠡ ᠨᠢ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠤᠤᠭᠤᠬᠤ ᠤᠰᠤ | ᠴᠡᠪᠡᠷᠰᠢᠭᠦᠯᠬᠦ ᠦᠢᠯᠡᠳᠪᠦᠷᠢ ᠵᠢᠩᠬᠢᠨᠢ ᠪᠠᠷ ᠪᠠᠶᠢᠭᠤᠯᠤᠭᠳᠠᠨ ᠠᠰᠢᠭᠯᠠᠯᠲᠠ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | ᠠᠮᠢᠳᠤᠷᠠᠯ ᠤᠨ ᠤᠤᠭᠤᠬᠤ ᠤᠰᠤ ᠴᠡᠪᠡᠷᠰᠢᠭᠦᠯᠬᠦ ᠦᠢᠯᠡᠳᠪᠦᠷᠢ ᠶᠢᠨ ᠪᠠᠶᠢᠭᠤᠯᠤᠭᠳᠠᠨ ᠠᠰᠢᠭᠯᠠᠯᠲᠠ ᠳᠤ | ᠣᠷᠣᠬᠤ ᠨᠢ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠳᠠᠷᠤᠯᠲᠠ ᠶᠢ ᠢᠯᠡᠳᠲᠡ ᠨᠠᠮᠳᠠᠭᠤᠯᠵᠤ᠂ ᠠᠵᠤ | ᠠᠬᠤᠶᠢᠯᠠᠯ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ | ᠪᠠᠯᠠ ᠣᠷᠣᠭᠤᠯᠬᠤ ᠪᠠ ᠣᠷᠣᠨ ᠪᠦᠰᠡ ᠶᠢᠨ ᠦᠷᠭᠦᠯᠵᠢᠯᠡᠨ ᠬᠥᠭᠵᠢᠯᠲᠡ ᠳᠤ ᠪᠠᠲᠤ ᠪᠠᠬᠢ ᠰᠠᠭᠤᠷᠢ ᠬᠠᠩᠭᠠᠬᠤ | ᠪᠣᠯᠤᠨ᠎ᠠ᠃ ᠲᠠᠷᠠᠭᠠᠴᠢ ᠪᠠᠷ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠥᠲᠥᠭᠡᠨ | ᠪᠠᠶᠢᠭᠤᠯᠤᠯᠲᠠ ᠶᠢᠨ ᠨᠢᠭᠡᠴᠡ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠵᠢᠴᠢ ᠤᠰᠤᠨ ᠤ ᠶᠠᠪᠤᠳᠠᠯ ᠤᠨ | ᠪᠠᠶᠢᠭᠤᠯᠤᠮᠵᠢ ᠯᠤᠭ᠎ᠠ ᠶᠢᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠦᠢᠯᠡᠳᠬᠦ | ᠦᠢᠯᠡᠳᠪᠦᠷᠢ ᠶᠢᠨ ᠤᠷᠤᠭᠰᠢᠲᠠᠶ ᠠᠵᠢᠯᠯᠠᠬᠤ ᠶᠢ ᠦᠨᠡᠨ ᠬᠦ ᠪᠠᠲᠤᠯᠠᠵᠤ᠂ ᠬᠦᠷᠢᠶᠡᠯᠡᠩ ᠲᠣᠭᠤᠷᠢᠭ ᠵᠢᠴᠢ ᠡᠷᠬᠢᠨ | ᠲᠣᠭᠤᠷᠢᠨ ᠤ ᠰᠠᠭᠤᠭᠠᠯᠢ ᠠᠷᠠᠳ ᠲᠤ ᠠᠮᠢᠳᠤᠷᠠᠯ ᠤᠨ ᠬᠡᠷᠡᠭᠯᠡᠭᠡᠨ ᠤ ᠤᠰᠤᠨ ᠤ ᠦᠷᠭᠦᠯᠵᠢᠯᠡᠭᠰᠡᠨ᠂ ᠲᠣᠭᠲᠠᠭᠤᠨ᠂ | ᠠᠮᠤᠷ ᠲᠦᠪᠰᠢᠨ ᠦᠢᠯᠡᠴᠢᠯᠡᠭᠡ ᠬᠠᠩᠭᠠᠵᠤ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦ ᠨᠡᠮᠡᠷᠢᠯᠡᠨ᠎ᠡ᠃ | | | | | | |