ᠵᠢᠦ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2025/3/24
      ᠮᠠᠨ ᠤ ᠲᠤᠭᠤᠷᠢᠭ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠣᠶᠢᠯᠠᠭᠠᠵᠤ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠭᠦᠨᠵᠡᠭᠡᠶ ᠥᠷᠨᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠢᠳᠡᠪᠬᠢᠲᠡᠶ ᠬᠥᠳᠡᠯᠦᠯᠴᠡᠵᠦ᠂ ᠲᠤᠭᠤᠷᠢᠭ ᠤᠨ ᠳᠣᠲᠣᠷᠠᠬᠢ ᠣᠯᠠᠨ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠵᠤ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠡᠷᠡᠭᠴᠡᠭᠡ ᠱᠠᠭᠠᠷᠳᠠᠯᠭ᠎ᠠ ᠵᠢᠴᠢ ᠰᠡᠳᠦᠪ ᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠢᠭᠡᠳ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠬᠥᠭᠦᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠬᠡᠷᠡᠭᠴᠡᠭᠡ ᠪᠠ ᠬᠥᠭᠵᠢᠯᠲᠡ ᠶᠢᠨ ᠡᠮᠵᠡᠭ ᠲᠠᠯ᠎ᠠ ᠶᠢ ᠤᠨᠤᠪᠴᠢᠲᠠᠢ ᠪᠠᠷ ᠡᠵᠡᠮᠳᠡᠵᠦ᠂ ᠦᠷᠭᠦᠯᠵᠢᠯᠡᠨ ᠨᠠᠩ ᠬᠠᠨᠳᠤᠯᠭᠠᠲᠤ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠ ᠳᠡᠮᠵᠢᠯᠭᠡ ᠬᠠᠩᠭᠠᠬᠤ ᠳᠤ ᠰᠠᠭᠤᠷᠢ ᠲᠠᠯᠪᠢᠬᠤ ᠶᠢᠨ ᠲᠥᠯᠥᠭᠡ ᠶᠤᠮ᠃     ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯᠲᠠᠳ ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠬᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ ᠠᠰᠠᠭᠤᠯᠲᠠ ᠶᠢᠨ ᠬᠠᠭᠤᠳᠠᠰᠤ ᠳᠤ ᠠᠩᠬ᠎ᠠ ᠠᠯᠬᠤᠮ ᠤᠨ ᠵᠠᠳᠠᠯᠤᠯᠲᠠ ᠬᠢᠬᠦ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠮᠡᠷᠭᠡᠵᠢᠯ ᠤᠨ ᠬᠡᠷᠡᠭᠴᠡᠭᠡ ᠲᠤᠯᠭᠠᠮ᠎ᠠ ᠪᠠᠶᠢᠬᠤ᠂ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠬᠤ ᠶᠢ ᠣᠯᠵᠤ ᠮᠡᠳᠡᠪᠡ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠬᠠᠨᠳᠤᠯᠭᠠᠲᠤ ᠴᠢᠨᠠᠷᠲᠠᠢ ᠪᠠᠷ ᠮᠡᠷᠭᠡᠵᠢᠯ ᠤᠨ ᠪᠣᠯᠪᠠᠰᠤᠷᠠᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠵᠣᠯᠭᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃     ᠡᠨᠡ ᠤᠳᠠᠭ᠎ᠠ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠵᠤ ᠠᠬᠤᠶᠢᠯᠠᠯ ᠲᠠᠢ ᠵᠤᠯᠭᠠᠭᠤᠯᠵᠤ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠡᠷᠡᠭᠴᠡᠭᠡ ᠱᠠᠭᠠᠷᠳᠠᠯᠭ᠎ᠠ ᠵᠢᠴᠢ ᠰᠡᠳᠦᠪ ᠤᠨ ᠠᠰᠠᠭᠤᠯᠲᠠ ᠶᠢᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠭᠦᠨᠵᠡᠭᠡᠶ ᠥᠷᠨᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃ ᠢᠷᠡᠭᠡᠳᠦᠶ ᠳᠤ᠂ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠢ ᠠᠵᠤ ᠠᠬᠤᠶᠢᠯᠠᠯ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号