ᠣᠶᠢᠷ᠎ᠠ ᠳᠤ᠂ ᠤᠯᠤᠰ ᠠᠴᠠ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠳᠡᠯᠭᠡᠭᠡᠨ ᠤ | ᠬᠥᠭᠵᠢᠯᠲᠡ ᠶᠢ ᠴᠢᠬᠤᠯᠠᠴᠢᠯᠠᠬᠤ ᠶᠢ ᠭᠦᠨᠵᠡᠭᠡᠶ ᠲᠤᠤᠱᠯᠠᠭᠤᠯᠵᠤ᠂ ᠬᠥᠯ ᠪᠥᠮᠪᠦᠭᠡ ᠶᠢᠨ ᠲᠤᠰᠬᠠᠶ ᠵᠦᠢᠯ ᠤᠨ ᠪᠠᠯᠠ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ | ᠥᠪᠥᠷ ᠮᠣᠩᠭᠤᠯ ᠤᠨ ᠬᠢᠨᠠᠨ ᠪᠤᠳᠤᠬᠤ ᠲᠢᠩᠬᠢᠮ ᠤᠨ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ ᠱᠠᠭᠠᠷᠳᠠᠯᠭ᠎ᠠ ᠶᠢ | ᠢᠳᠡᠪᠬᠢᠲᠡᠶ ᠴᠤᠤᠷᠢᠶᠠᠲᠤᠨ᠂ ᠵᠢᠦ ᠶᠤᠸᠠᠨ ᠲᠣᠭᠤᠷᠢᠭ ᠤᠨ ᠭᠤᠷᠪᠠᠨ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ | ᠲᠤᠰᠬᠠᠶ ᠵᠦᠢᠯ ᠤᠨ ᠪᠠᠯᠠ ᠮᠥᠩᠭᠦ ᠳᠤ ᠪᠥᠬᠦ ᠲᠠᠯ᠎ᠠ ᠶᠢᠨ ᠬᠢᠨᠠᠨ ᠪᠤᠳᠤᠯᠲᠠ ᠬᠢᠪᠠ᠃ | | | | ᠬᠢᠨᠠᠨ ᠪᠤᠳᠤᠬᠤ ᠶᠠᠪᠤᠴᠠ ᠳᠤ᠂ ᠬᠢᠨᠠᠨ ᠪᠤᠳᠤᠬᠤ ᠳᠤᠭᠤᠶᠢᠯᠠᠩ ᠭᠤᠷᠪᠠᠨ ᠠᠯᠬᠤᠮ ᠢᠶᠠᠷ ᠶᠠᠪᠤᠵᠤ᠂ ᠬᠢᠨᠠᠨ | ᠪᠤᠳᠤᠬᠤ ᠠᠵᠢᠯ ᠤᠨ ᠭᠦᠨᠵᠡᠭᠡᠶ ᠪᠠᠶᠢᠴᠠᠭᠠᠨ ᠳᠤᠳᠤᠯᠠᠬᠤ ᠶᠢ ᠦᠨᠡᠨ ᠬᠦ ᠪᠠᠲᠤᠯᠠᠪᠠ᠃ ᠨᠢᠭᠡᠳᠦᠭᠡᠷ ᠠᠯᠬᠤᠮ ᠳᠤ | ᠪᠠᠯᠠ ᠮᠥᠩᠭᠦ ᠶᠢ ᠪᠠᠶᠢᠴᠠᠭᠠᠨ ᠳᠣᠲᠣᠯᠠᠵᠤ᠂ ᠪᠠᠯᠠ ᠮᠥᠩᠭᠦ ᠶᠢᠨ ᠪᠠᠭᠤᠯᠭᠠᠭᠰᠠᠨ ᠪᠢᠴᠢᠭ ᠮᠠᠲ᠋ᠧᠷᠢᠶᠠᠯ ᠵᠢᠴᠢ | ᠬᠡᠷᠡᠭᠯᠡᠭᠰᠡᠨ ᠭᠡᠷᠡᠴᠢ ᠪᠠᠷᠢᠮᠲᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠪᠠᠯᠠ ᠮᠥᠩᠭᠦ ᠶᠢᠨ ᠢᠷᠡᠯᠲᠡ ᠪᠣᠯᠤᠨ | ᠬᠠᠨᠳᠤᠰᠢ ᠶᠢ ᠣᠨᠣᠪᠴᠢᠲᠠᠶ ᠬᠢᠨᠠᠨ ᠬᠠᠷᠭᠤᠭᠤᠯᠵᠤ᠂ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢᠨ | ᠳᠠᠪᠬᠤᠷᠭ᠎ᠠ ᠠᠴᠠ ᠪᠠᠯᠠ ᠮᠥᠩᠭᠦ ᠶᠢᠨ ᠭᠦᠢᠯᠭᠡᠭᠡᠨ ᠤ ᠬᠠᠨᠳᠤᠰᠢ ᠲᠣᠳᠣᠷᠬᠠᠶ ᠪᠥᠭᠡᠳ ᠲᠣᠭᠲᠠᠭᠠᠯ ᠳᠤ ᠨᠡᠶᠢᠴᠡᠬᠦ ᠶᠢ | ᠪᠠᠲᠤᠯᠠᠨ᠎ᠠ᠃ ᠪᠡᠯᠡ ᠮᠥᠩᠭᠦ ᠰᠠᠯᠭᠠᠨ ᠥᠭᠭᠦᠭᠰᠡᠨ ᠪᠠᠶᠢᠳᠠᠯ ᠨᠢ ᠣᠷᠣᠨ ᠨᠤᠲᠤᠭ ᠤᠨ ᠡᠳ᠋ ᠤᠨ ᠬᠦᠴᠦᠨ | ᠬᠦᠷᠦᠯᠴᠡᠬᠦ ᠦᠭᠡᠶ ᠠᠴᠠ ᠪᠣᠯᠵᠤ ᠬᠡᠰᠡᠭ ᠪᠡᠯᠡ ᠮᠥᠩᠭᠦ ᠶᠢ ᠴᠠᠭ ᠲᠤᠬᠠᠶ ᠳᠤᠨᠢ ᠢᠯᠭᠠᠷᠠᠭᠤᠯᠤᠨ ᠪᠣᠳᠣᠭᠰᠠᠨ ᠦᠭᠡᠶ᠃ | ᠬᠤᠶᠠᠳᠤᠭᠠᠷ ᠠᠯᠬᠤᠮ ᠳᠤ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ᠂ ᠰᠤᠷᠭᠠᠭᠤᠯᠢ ᠳᠤ | ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ᠂ ᠬᠥᠯ ᠪᠥᠮᠪᠦᠭᠡ ᠶᠢᠨ ᠲᠤᠰᠬᠠᠶ ᠵᠦᠢᠯ ᠤᠨ | ᠪᠠᠯᠠ ᠮᠥᠩᠭᠦ ᠶᠢ ᠠᠰᠢᠭᠯᠠᠨ ᠬᠤᠳᠠᠯᠳᠤᠨ ᠠᠪᠤᠭᠰᠠᠨ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ᠂ ᠵᠢᠱᠢᠶᠡᠯᠡᠪᠡᠯ ᠬᠥᠯ | ᠪᠥᠮᠪᠦᠭᠡ᠂ ᠪᠣᠯᠪᠠᠰᠤᠷᠠᠯ ᠤᠨ ᠡᠯᠢᠭᠡᠪᠴᠢ᠂ ᠬᠡᠷᠡᠰᠬᠡ ᠳᠠᠪᠠᠭ᠋ᠤ ᠵᠡᠷᠭᠡ ᠲᠠᠯ᠎ᠠ ᠪᠠᠷ ᠰᠤᠭᠤᠴᠢᠨ ᠪᠠᠶᠢᠴᠠᠭᠠᠯᠲᠠ ᠬᠢᠨ᠎ᠠ᠃ | ᠰᠤᠭᠤᠴᠢᠨ ᠪᠠᠶᠢᠴᠠᠭᠠᠬᠤ ᠪᠠᠷ ᠳᠡᠮᠵᠢᠨ᠂ ᠪᠠᠭᠠᠵᠢ ᠬᠡᠷᠡᠭᠰᠡᠯ ᠤᠨ ᠲᠤᠭ᠎ᠠ ᠬᠡᠮᠵᠢᠶ᠎ᠡ ᠨᠢ ᠭᠦᠢᠴᠡᠳ᠂ ᠶᠠᠰᠤ | ᠴᠢᠨᠠᠷ ᠨᠢ ᠬᠢᠷᠢ ᠲᠡᠩᠴᠡᠵᠦ᠂ ᠴᠥᠮ ᠲᠣᠭᠲᠠᠭᠠᠯ ᠶᠣᠰᠣᠭᠠᠷ ᠬᠥᠮᠥᠷᠭᠡ ᠠᠴᠠ ᠭᠠᠷᠭᠠᠨ ᠬᠦᠮᠦᠷᠭᠡ ᠳᠤ | ᠣᠷᠣᠭᠤᠯᠬᠤ ᠪᠠᠷ ᠳᠡᠩᠰᠡᠯᠡᠨ ᠲᠡᠮᠳᠡᠭᠯᠡᠭᠦᠯᠦᠭᠰᠡᠨ ᠪᠥᠭᠡᠳ ᠡᠳᠦᠷ ᠲᠤᠲᠤᠮ ᠤᠨ ᠪᠣᠯᠪᠠᠰᠤᠷᠠᠯ ᠳᠤ ᠦᠨᠡᠨ ᠬᠦ | ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠣᠯᠪᠠᠰᠤᠷᠠᠯ ᠤᠨ ᠦᠨᠳᠦᠰᠦᠨ ᠡᠳ᠋ | ᠪᠣᠳᠠᠰ ᠤᠨ ᠬᠡᠷᠡᠭᠴᠡᠭᠡ ᠶᠢ ᠪᠠᠲᠤᠯᠠᠪᠠ᠃ ᠭᠤᠷᠪᠠᠳᠤᠭᠠᠷ ᠠᠯᠬᠤᠮ ᠳᠤ ᠬᠥᠮᠦᠨ ᠬᠦᠷᠲᠡᠯ᠎ᠡ ᠬᠢᠨᠠᠨ ᠬᠠᠷᠭᠤᠭᠤᠯᠵᠤ᠂ | ᠬᠢᠨᠠᠨ ᠪᠤᠳᠤᠬᠤ ᠳᠤᠭᠤᠶᠢᠯᠠᠩ ᠬᠥᠯ ᠪᠥᠮᠪᠦᠭᠡ ᠶᠢᠨ ᠤᠷᠤᠯᠳᠤᠭᠠᠨ ᠳᠤ ᠣᠷᠣᠯᠴᠠᠭᠰᠠᠨ ᠱᠠᠩᠨᠠᠯ ᠤᠯᠤᠭᠰᠠᠨ | ᠰᠣᠷᠣᠭᠴᠢ ᠶᠢ ᠰᠤᠭᠤᠴᠢᠨ ᠪᠠᠶᠢᠴᠠᠭᠠᠵᠤ ᠠᠰᠠᠭᠤᠨ ᠯᠠᠪᠯᠠᠵᠤ᠂ ᠰᠤᠷᠤᠭᠴᠢᠳ ᠱᠠᠩᠨᠠᠯ ᠤᠨ ᠵᠦᠢᠯ ᠢ ᠨᠢ ᠴᠥᠮ | ᠣᠯᠤᠭᠰᠠᠨ ᠪᠠᠶᠢᠨ᠎ᠠ᠃ ᠡᠭᠦᠨ ᠤ ᠬᠠᠮᠲᠤ᠂ ᠬᠢᠨᠠᠨ ᠪᠤᠳᠤᠬᠤ ᠠᠵᠢᠯᠲᠠᠳ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ | ᠪᠣᠯᠪᠠᠰᠤᠷᠠᠯ ᠤᠨ ᠲᠣᠬᠢᠷᠠᠭᠤᠯᠤᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠪᠥᠬᠦ ᠲᠠᠯ᠎ᠠ ᠪᠠᠷ ᠬᠢᠨᠠᠨ | ᠪᠠᠶᠢᠴᠠᠭᠠᠬᠤ ᠪᠠ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ ᠠᠰᠠᠭᠤᠨ ᠯᠠᠪᠯᠠᠬᠤ ᠪᠠᠷ ᠳᠡᠮᠵᠢᠨ᠂ ᠪᠠᠯᠠ | ᠮᠥᠩᠭᠦ ᠶᠢ ᠨᠡᠭᠦᠯᠭᠡᠨ ᠬᠡᠷᠡᠭᠯᠡᠭᠰᠡᠨ ᠵᠡᠷᠭᠡ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠣᠯᠵᠤ ᠮᠡᠳᠡᠭᠰᠡᠨ ᠥᠬᠡᠶ᠂ | ᠢᠯᠭᠠᠷᠠᠭᠤᠯᠤᠨ ᠪᠤᠳᠤᠭᠰᠠᠨ ᠥᠬᠡᠶ ᠪᠠᠯᠠ ᠮᠥᠩᠭᠦ ᠶᠢ ᠣᠲᠣ ᠨᠢᠭᠡᠨᠲᠡ ᠪᠥᠬᠦ ᠲᠠᠯ᠎ᠠ ᠪᠠᠷ ᠰᠠᠯᠭᠠᠨ ᠥᠭᠴᠦ᠂ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠡᠷᠡᠭᠦᠯ ᠠᠵᠢᠯᠯᠠᠭᠠᠨ ᠢ ᠠᠬᠢᠭᠤᠯᠵᠤ᠂ ᠵᠢᠤ ᠶᠤᠸᠠᠨ | ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠪᠠ᠃ | | | | | | |