ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠦᠨᠡᠯᠡᠯᠲᠡ ᠶᠢᠨ ᠲᠠᠪᠴᠠᠩ ᠳᠤ ᠣᠷᠣᠯᠴᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/24
    ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂《 ᠰᠢᠨ᠎ᠡ ᠶᠢ ᠡᠭᠦᠳᠦᠭᠰᠡᠨ ᠬᠤᠪᠢ ᠬᠤᠷᠠᠮᠳᠤᠭᠤᠯᠬᠤ ᠲᠦᠷᠢᠮ 》 ᠤᠨ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠪᠣᠯᠤᠭᠰᠠᠨ ᠤ ᠬᠤᠪᠢ ᠳᠤ ᠰᠢᠨᠵᠢᠯᠡᠬᠦ ᠤᠬᠠᠭᠠᠨ ᠮᠡᠷᠭᠡᠵᠢᠯ ᠳᠤ ᠴᠢᠳᠠᠮᠵᠢ ᠣᠯᠭᠤᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠲᠠᠰᠤᠷᠠᠯᠲᠠ ᠥᠬᠡᠶ《 ᠡᠬᠢ ᠡᠭᠦᠰᠦᠯ 》 ᠲᠠᠢ ᠪᠣᠯᠭᠠᠵᠤ᠂《 ᠰᠢᠨ᠎ᠡ ᠶᠢ ᠡᠭᠦᠳᠦᠭᠰᠡᠨ ᠬᠤᠪᠢ ᠬᠤᠷᠠᠮᠳᠤᠭᠤᠯᠬᠤ ᠲᠦᠷᠢᠮ 》 ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠵᠢᠷᠤᠮᠵᠢᠭᠤᠯᠤᠨ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠦᠨᠡᠯᠡᠯᠲᠡ ᠶᠢᠨ ᠠᠵᠢᠯ ᠳᠤ ᠣᠷᠣᠯᠴᠠᠬᠤ ᠶᠢ ᠢᠳᠡᠪᠬᠢᠲᠡᠶ ᠳᠥᠯᠭᠢᠨ ᠠᠬᠢᠭᠤᠯᠪᠠ᠃    ᠨᠢᠭᠡ ᠳᠤ ᠂ ᠰᠢᠨ᠎ᠡ ᠶᠢ ᠡᠭᠦᠳᠬᠦ ᠳᠠᠯᠳᠠ ᠬᠦᠴᠦᠨ ᠢ ᠠᠭᠤᠳᠠᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠯᠭᠠᠭᠤᠯᠤᠨ᠎ᠠ᠃ ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠣᠲᠣ ᠶᠢᠨ ᠪᠠᠶᠢᠭ᠎ᠠ 67 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠤᠨ 28 ᠳᠡᠭᠡᠳᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠦᠨᠡᠯᠡᠯᠲᠡ ᠳᠤ ᠣᠷᠣᠯᠴᠠᠭᠤᠯᠤᠨ᠂ ᠠᠵᠤ ᠠᠬᠤᠶᠢᠯᠠᠯ ᠤᠨ ᠤᠨᠤᠪᠴᠢᠲᠠᠢ ᠬᠥᠷᠥᠭ ᠵᠢᠷᠤᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ ᠱᠠᠨ ᠱᠠᠨ᠂ ᠵᠢᠶᠦ᠋ᠨ ᠴᠧᠩ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠲᠠᠢ 17 ᠠᠵᠤ ᠠᠬᠤᠶᠢᠯᠠᠯ ᠢ ᠦᠨᠡᠯᠡᠬᠦ ᠲᠠᠪᠴᠠᠩ ᠳᠤ ᠣᠷᠣᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠲᠡᠭᠦᠨ ᠤ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠠᠭᠤᠳᠠᠯᠵᠤ᠂ ᠲᠠᠷᠠᠭᠠᠴᠢ ᠶᠢᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠨᠠᠷᠢᠯᠢᠭ ᠤᠨᠤᠪᠴᠢᠲᠠᠢ ᠪᠠᠷ ᠵᠣᠬᠢᠴᠠᠭᠤᠯᠬᠤ ᠳᠤ ᠰᠠᠭᠤᠷᠢ ᠲᠠᠯᠪᠢᠪᠠ᠃    ᠬᠤᠶᠠᠷ ᠲᠤ᠂ ᠤᠬᠠᠭᠤᠯᠭ᠎ᠠ ᠶᠢᠨ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠳᠡᠭᠡᠳᠦ ᠠᠵᠤ ᠠᠬᠤᠶᠢᠯᠠᠯ᠂ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠤᠨ ᠪᠣᠯᠪᠠᠰᠤᠷᠠᠭᠤᠯᠬᠤ ᠬᠤᠷᠠᠯ ᠡᠷᠬᠢᠯᠡᠵᠦ᠂ ᠨᠡᠩ ᠤᠯᠠᠨ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠬᠦ ᠶᠢ ᠠᠬᠢᠭᠤᠯᠪᠠ︔ ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠭᠤᠯᠵᠤ᠂ ᠵᠢᠶᠦ᠋ᠨ ᠴᠧᠩ᠂ ᠱᠠᠨ ᠱᠠᠨ ᠵᠡᠷᠭᠡ 5 ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠪᠦᠯᠬᠦᠮ ᠲᠠᠢ ᠵᠣᠯᠭᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠬᠥᠭᠵᠢᠯᠲᠡ ᠶᠢ ᠠᠬᠢᠭᠤᠯᠤᠨ᠎ᠠ︔ ᠤᠯᠤᠰ ᠤᠨ ᠡᠨᠧᠷᠭᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ᠂ ᠱᠧᠨ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠣᠨᠴᠠ ᠲᠥᠷᠥᠯ ᠤᠨ ᠳᠠᠪᠠᠷᠬᠠᠢ᠂ ᠪᠥᠭᠡᠭᠡᠨᠡᠷᠡᠯ ᠢᠮᠢᠳ᠋ ᠵᠡᠷᠭᠡ ᠲᠥᠷᠥᠯ ᠵᠦᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ︔ ᠲᠤᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠮᠥᠨ ᠴᠢᠨᠠᠷ ᠠᠴᠠ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠤᠪᠢ ᠬᠤᠷᠠᠮᠳᠤᠭᠤᠯᠬᠤ ᠲᠦᠷᠢᠮ ᠤᠨ ᠲᠠᠪᠴᠠᠩ ᠤᠨ ᠰᠢᠨ᠎ᠡ ᠶᠢ ᠡᠭᠦᠳᠬᠦ ᠥᠷᠢᠰᠥᠯᠳᠦᠭᠡᠨ ᠤ ᠳᠠᠪᠠᠭᠤᠯᠢᠭ ᠢ ᠳᠡᠭᠡᠭᠰᠢᠯᠡᠭᠦᠯᠦᠨ᠎ᠡ᠃    ᠭᠤᠷᠪᠠ ᠳᠤ᠂ ᠵᠢᠭᠠᠨ ᠵᠢᠯᠣᠭᠤᠳᠴᠤ ᠦᠢᠯᠡᠴᠢᠯᠡᠬᠦ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠣᠷᠣᠯᠴᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ《 ᠪᠤᠶᠢᠵᠢᠭᠤᠯᠬᠤ ᠬᠥᠮᠥᠷᠭᠡ 》 ᠶᠢᠨ ᠲᠠᠪᠴᠠᠩ ᠤᠨ ᠳᠠᠪᠠᠭᠤᠯᠢᠭ ᠲᠤ ᠲᠦᠰᠢᠭᠯᠡᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠲᠦᠢᠯ ᠤᠨ ᠣᠨᠣᠪᠴᠢᠲᠠᠶ ᠪᠠᠷ ᠵᠣᠯᠭᠠᠭᠤᠯᠵᠤ᠂ ᠲᠠᠭᠯᠠᠨ ᠮᠡᠳᠡᠭᠦᠯᠬᠦ ᠴᠤᠪᠤᠷᠠᠯ ᠳᠠᠬᠢ ᠬᠦᠴᠢᠷᠳᠡᠯ ᠪᠠ ᠲᠦᠭᠵᠢᠷᠡᠯ ᠢ ᠪᠦᠲᠦᠮᠵᠢᠲᠡᠶ ᠠᠷᠢᠯᠭᠠᠬᠤ ᠶᠢᠨ ᠬᠠᠮᠲᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠨᠳᠤᠯᠭ᠎ᠠ ᠲᠠᠢ ᠦᠢᠯᠡᠴᠢᠯᠡᠬᠦ ᠲᠣᠭᠲᠠᠴᠠ ᠶᠢ ᠪᠠᠶᠢᠭᠤᠯᠵᠤ᠂《 ᠨᠢᠭᠡ ᠳᠤ ᠨᠢᠭᠡ ᠪᠠᠷ 》ᠮᠡᠳᠡᠭᠦᠯᠵᠦ ᠰᠠᠨᠠᠭᠤᠯᠬᠤ᠂ ᠪᠥᠬᠦ ᠴᠤᠪᠤᠷᠠᠯ ᠤᠨ ᠲᠤᠭ᠎ᠠ ᠪᠠᠷᠢᠮᠲᠠ ᠶᠢ ᠲᠠᠭᠯᠠᠨ ᠵᠢᠭᠠᠨ ᠵᠢᠯᠣᠭᠤᠳᠬᠤ ᠵᠡᠷᠭᠡ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 30 ᠠᠵᠤ ᠠᠬᠤᠶᠢᠯᠠᠯ ᠳᠤ ᠬᠤᠪᠢ ᠬᠤᠷᠠᠮᠳᠤᠭᠤᠯᠬᠤ ᠲᠦᠷᠢᠮ ᠤᠨ ᠦᠨᠡᠯᠡᠯᠲᠡ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠪᠥᠬᠦ ᠲᠤᠭᠤᠷᠢᠭ ᠤᠨ ᠲᠦᠷᠦᠭᠦᠦ ᠪᠦᠯᠦᠭ ᠤᠨ ᠨᠡᠶᠢᠲᠡ 19 ᠠᠵᠤ ᠠᠬᠤᠶᠢᠯᠠᠯ ᠨᠢᠭᠡᠨᠲᠡ ᠲᠠᠪᠴᠠᠩ ᠳᠤ ᠣᠷᠣᠪᠠ᠃    ᠲᠠᠷᠠᠭᠠᠴᠢ ᠪᠠᠷ᠂ ᠲᠤᠭᠤᠷᠢᠭ ᠤᠨ  ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠲᠠᠪᠴᠠᠩ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠪᠤᠷᠢ ᠪᠠᠩᠬᠢ ᠲᠠᠢ ᠵᠣᠯᠭᠠᠭᠤᠯᠵᠤ᠂ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠲᠦᠷᠢᠮ ᠪᠣᠯᠤᠨ ᠠᠵᠤ ᠦᠢᠯᠡᠰ ᠤᠨ ᠬᠡᠯᠬᠢᠶ᠎ᠡ᠂ ᠠᠵᠤ ᠠᠬᠤᠶᠢᠯᠠᠯ ᠤᠨ ᠱᠠᠲᠤᠯᠠᠨ ᠪᠤᠶᠢᠵᠢᠭᠤᠯᠬᠤ ᠲᠣᠭᠲᠠᠴᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠠᠯᠠ ᠮᠥᠩᠭᠦ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号