ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠃ 2 | ᠰᠠᠷ᠎ᠠ ᠶᠢᠨ ᠳᠤᠮᠳᠠᠴᠢ ᠠᠴᠠ ᠡᠬᠢᠯᠡᠨ᠂ ᠪᠤᠭᠤᠲᠤ ᠬᠤᠲᠠ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠳᠠᠲᠠᠶ | ᠪᠣᠯᠪᠠᠰᠤᠷᠠᠭᠤᠯᠤᠯ ᠤᠨ ᠲᠥᠪ ᠢᠶᠠᠷ ᠲᠦᠷᠦᠭᠦᠯᠡᠨ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠢᠳᠡᠪᠬᠢᠲᠡᠶ ᠬᠠᠮᠵᠢᠯᠴᠠᠵᠤ᠂ ᠬᠠᠷᠢᠶ᠎ᠠ ᠣᠷᠣᠨ ᠤ ᠬᠤᠯᠪᠣᠭᠳᠠᠯ ᠪᠥᠬᠦᠶ | ᠪᠠᠶᠢᠭᠤᠯᠤᠮᠵᠢ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠨ᠎ᠠ᠃ 3 ᠰᠠᠷ᠎ᠠ ᠶᠢᠨ 13 ᠤ ᠡᠳᠦᠷ ᠤᠨ | ᠦᠳᠡ ᠶᠢᠨ ᠡᠮᠦᠨ᠎ᠡ᠂ ᠠᠵᠢᠯᠯᠠᠬᠤ ᠳᠤᠭᠤᠶᠢᠯᠠᠩ ᠥᠪᠥᠷ ᠮᠣᠩᠭᠤᠯ ᠤᠨ ᠪᠤᠭᠤᠲᠤ ᠶᠢᠨ ᠰᠢᠨ ᠳ᠋ᠡ ᠰᠢᠵᠢᠷ | ᠠᠯᠲᠠᠨ ᠤ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠪᠠᠶᠢᠴᠠᠭᠠᠪᠠ᠂ | ᠢᠩᠭᠢᠭᠰᠡᠨ ᠢᠶᠠᠷ᠂ ᠵᠢᠤ ᠶᠤᠸᠠᠨ ᠲᠣᠭᠤᠷᠢᠭ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠦᠨᠳᠦᠰᠦᠨ ᠳᠡᠭᠡᠨ | ᠪᠡᠶᠡᠯᠡᠭᠦᠯᠪᠡ᠃ | | | | ᠰᠢᠨ ᠳ᠋ᠡ ᠰᠢᠵᠢᠷ ᠠᠯᠲᠠᠨ ᠤ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ | ᠠᠵᠢᠯᠯᠠᠬᠤ ᠳᠤᠭᠤᠶᠢᠯᠠᠩ ᠪᠣᠯᠪᠠᠰᠤᠷᠠᠯ ᠤᠨ ᠲᠠᠯᠠᠪᠤᠷ ᠭᠠᠵᠠᠷ ᠵᠢᠴᠢ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠵᠢᠯ ᠪᠦᠷᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠭᠰᠡᠨ | ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠪᠠ᠃ ᠨᠢᠭᠡ ᠰᠠᠷ᠎ᠠ ᠶᠢᠨ ᠳᠠᠷᠠᠭᠠᠯᠠᠨ ᠪᠠᠶᠢᠴᠠᠭᠠᠬᠤ | ᠱᠠᠲᠤᠨ ᠳᠤ᠂ ᠤᠯᠤᠰ ᠤᠨ ᠤᠷ᠎ᠠ ᠮᠡᠷᠭᠡᠰᠢᠯ ᠤᠨ ᠴᠢᠳᠠᠪᠤᠷᠢᠲᠠᠨ ᠢ ᠦᠨᠡᠯᠡᠬᠦ ᠠᠵᠢᠯ ᠤᠨ ᠰᠦᠯᠵᠢᠶ᠎ᠡ ᠶᠢᠨ ᠦᠨᠡᠯᠡᠬᠦ | ᠪᠠᠶᠢᠭᠤᠯᠤᠮᠵᠢ ᠶᠢᠨ ᠵᠠᠷᠯᠠᠨ ᠨᠡᠶᠢᠲᠡᠯᠡᠵᠦ ᠪᠠᠶᠢᠴᠠᠭᠠᠨ ᠯᠠᠪᠯᠠᠬᠤ ᠰᠢᠰᠲ᠋ᠧᠮ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ | ᠦᠨᠳᠦᠰᠦᠯᠡᠨ᠂ ᠠᠵᠢᠯᠯᠠᠬᠤ ᠳᠤᠭᠤᠶᠢᠯᠠᠩ ᠨᠢ ᠤᠯᠤᠰ ᠤᠨ ᠡᠨᠧᠷᠭᠢ ᠶᠢᠨ ᠪᠤᠭᠤᠲᠤ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳ᠋ᠠ ᠴᠢᠤᠸᠠᠨ ᠰᠢᠨ᠎ᠡ ᠡᠨᠧᠷᠭᠢ᠂ ᠬᠤᠸᠠ ᠱᠢ | ᠰᠤᠷᠭᠠᠨ ᠬᠥᠮᠦᠵᠢᠯ ᠵᠡᠷᠭᠡ 10 ᠭᠠᠷᠤᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠦᠨᠡᠯᠡᠬᠦ | ᠪᠠᠶᠢᠭᠤᠯᠤᠮᠵᠢ ᠳᠤ ᠪᠦᠬᠦᠨ ᠢ ᠬᠠᠮᠤᠷᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠵᠦ᠂《 ᠪᠣᠯᠪᠠᠰᠤᠷᠠᠭᠤᠯᠤᠯ ᠤᠨ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠷ᠎ᠠ ᠴᠢᠳᠠᠪᠤᠷᠢ ᠶᠢᠨ ᠦᠨᠡᠯᠡᠯᠲᠡ ᠶᠢᠨ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ | ᠵᠡᠷᠭᠡ ᠳᠡᠰ ᠢ ᠦᠨᠡᠯᠡᠬᠦ ᠲᠣᠭᠲᠠᠭᠠᠯ ᠢ ᠵᠢᠷᠤᠮᠵᠢᠭᠤᠯᠤᠨ ᠬᠡᠷᠡᠭᠵᠢᠭᠦᠯᠵᠦ 》 ᠪᠠᠷ ᠬᠦᠴᠦᠯᠡᠨ ᠴᠢᠷᠮᠠᠶᠢᠵᠤ᠂ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠨᠢ ᠥᠩᠭᠡᠷᠡᠭᠰᠡᠨ ᠬᠡᠳᠦᠨ ᠵᠢᠯ ᠤᠨ ᠠᠵᠢᠯ ᠢ ᠪᠥᠬᠦ ᠲᠠᠯ᠎ᠠ ᠪᠠᠷ | ᠡᠮᠬᠢᠯᠡᠭᠰᠡᠨ ᠢᠶᠠᠷ ᠪᠠᠷᠠᠬᠤ ᠥᠬᠡᠶ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠠᠵᠢᠯ ᠢ ᠴᠢᠨᠠᠷ ᠰᠠᠶᠢᠲᠠᠶ ᠥᠷᠨᠢᠭᠦᠯᠬᠦ ᠳᠤ ᠴᠦ ᠠᠵᠢᠯ ᠤᠨ ᠰᠡᠳᠬᠢᠴᠡ ᠶᠢ ᠲᠣᠳᠣᠷᠬᠠᠶ ᠪᠣᠯᠭᠠᠭᠰᠠᠨ | ᠪᠠᠶᠢᠨ᠎ᠠ᠃ ᠲᠠᠷᠠᠭᠠᠴᠢ ᠪᠠᠷ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ | ᠠᠵᠢᠯ ᠢ ᠤᠯᠠᠮ ᠨᠢᠭᠡ ᠠᠯᠬᠤᠮ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠵᠢᠷᠤᠮᠵᠢᠯ ᠲᠠᠢ ᠶᠠᠪᠤᠭᠳᠠᠬᠤ ᠶᠢ ᠦᠨᠡᠨ | ᠬᠦ ᠪᠠᠲᠤᠯᠠᠵᠤ᠂ ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠳᠡᠭᠡᠳᠦ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠵᠦ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠬᠦᠴᠦᠲᠡᠶ ᠪᠥᠭᠡᠳ | ᠪᠦᠲᠦᠮᠵᠢᠲᠡᠶ ᠠᠬᠢᠭᠤᠯᠤᠨ᠎ᠠ᠃ | | | | | | | | |