ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠶᠠᠪᠤᠴᠠ ᠳᠤ᠂ ᠪᠤᠭᠤᠲᠤ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠢᠳᠡᠪᠬᠢᠲᠡᠶ ᠠᠵᠢᠯᠯᠠᠵᠤ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠠᠪᠬᠤ ᠪᠠᠷ ᠳᠡᠮᠵᠢᠨ ᠴᠡᠭᠴᠡᠯᠡᠨ | ᠰᠠᠶᠢᠵᠢᠷᠠᠭᠤᠯᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠡᠳᠡᠭᠡᠷ ᠠᠷᠭ᠎ᠠ ᠬᠡᠮᠵᠢᠶ᠎ᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ︔ ᠰᠢᠮᠳᠠᠭᠤᠯᠤᠨ ᠵᠢᠯᠣᠭᠤᠳᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ︔ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ︔ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ | ᠬᠠᠮᠲᠤᠷᠠᠯ ᠬᠦᠴᠦᠨ ᠢ ᠨᠢᠭᠲᠠᠷᠠᠭᠤᠯᠤᠨ᠎ᠠ︔ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ | ᠣᠨᠳᠣᠣᠰᠢᠭᠤᠯᠬᠤ ᠶᠢ ᠴᠢᠬᠤᠯᠠᠴᠢᠯᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ | ᠳᠡᠭᠡᠭᠰᠢᠯᠡᠭᠦᠯᠦᠨ᠎ᠡ᠃ | 3 ᠰᠠᠷ᠎ᠠ ᠠᠴᠠ ᠡᠬᠢᠯᠡᠨ᠂ ᠬᠤᠪᠢᠶᠠᠷᠢ ᠲᠣᠪᠴᠢᠶ᠎ᠠ 2016 ᠣᠨ ᠠᠴᠠ ᠨᠠᠰᠢᠬᠢ ᠲᠥᠪ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ | ᠬᠠᠲᠤᠨ ᠭᠤᠤᠯ ᠤᠨ ᠰᠠᠪᠠ ᠭᠠᠵᠠᠷ ᠤᠨ ᠲᠤᠰᠬᠠᠶ ᠰᠢᠮᠳᠠᠭᠤᠯᠤᠨ ᠪᠠᠶᠢᠴᠠᠭᠠᠯᠲᠠ ᠵᠢᠴᠢ《 ᠨᠠᠷᠢᠯᠢᠭ ᠤᠨᠤᠪᠴᠢᠲᠠᠢ | ᠵᠢᠷᠤᠮᠠᠯ ᠬᠥᠷᠥᠭ 》 ᠲᠤ ᠬᠠᠷᠢᠭᠤ ᠲᠤᠰᠬᠠᠭᠰᠠᠨ 179 ᠠᠰᠠᠭᠤᠳᠠᠯ ( ᠡᠭᠦᠨ ᠳᠤ 137 ᠵᠦᠢᠯ ᠤᠨ ᠴᠡᠭᠴᠡᠯᠡᠨ | ᠵᠠᠰᠠᠯᠲᠠ ᠶᠢ ᠨᠢᠭᠡᠨᠲᠡ ᠪᠡᠶᠡᠯᠡᠭᠦᠯᠵᠦ᠂ 42 ᠵᠦᠢᠯ ᠤᠨ ᠴᠡᠭᠴᠡᠯᠡᠨ ᠵᠠᠰᠠᠯᠲᠠ ᠶᠢ ᠮᠥᠨ ᠬᠦ ᠦᠷᠭᠦᠯᠵᠢᠯᠡᠨ | ᠠᠬᠢᠭᠤᠯᠵᠤ ᠪᠣᠶ ) ᠳᠤ ᠴᠢᠭᠯᠡᠭᠦᠯᠦᠨ᠂ ᠪᠥᠬᠦ ᠲᠠᠯ᠎ᠠ ᠪᠠᠷ ᠡᠮᠬᠢᠯᠡᠨ ᠳᠢᠭᠯᠡᠬᠦ ᠠᠵᠢᠯ ᠢ ᠥᠷᠨᠢᠭᠦᠯᠦᠭᠰᠡᠨ ᠪᠥᠭᠡᠳ《 | ᠵᠢᠷᠤᠭ ᠡᠯᠭᠦᠨ ᠪᠠᠶᠢᠯᠳᠤᠬᠤ 》ᠵᠠᠭᠪᠤᠷ ᠢ ᠰᠢᠨ᠎ᠡ ᠶᠢ ᠡᠭᠦᠳᠬᠦ ᠴᠢᠨᠠᠷᠲᠠᠶ ᠪᠠᠷ ᠬᠡᠷᠡᠭᠵᠢᠭᠦᠯᠪᠡ᠃ ᠬᠠᠷᠢᠭᠤᠴᠠᠯᠭᠠᠲᠤ | ᠨᠢᠭᠡᠴᠡ ᠶᠢ ᠲᠣᠳᠣᠷᠬᠠᠶᠢᠯᠠᠬᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ᠂ ᠪᠡᠶᠡᠯᠡᠭᠦᠯᠬᠦ | ᠴᠠᠭ ᠤᠨ ᠬᠢᠵᠠᠭᠠᠷ ᠢ ᠲᠣᠭᠲᠠᠭᠠᠬᠤ᠂《 ᠤᠯᠠᠭᠠᠨ ᠰᠢᠷ᠎ᠠ ᠨᠣᠭᠤᠭᠠᠨ 》ᠭᠤᠷᠪᠠᠨ ᠥᠩᠭᠡ ᠶᠢᠨ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠪ ᠲᠣᠳᠣᠷᠬᠠᠶ | ᠪᠣᠯᠭᠠᠵᠤ᠂ ᠠᠬᠢᠴᠠ ᠶᠢ ᠲᠣᠳᠣᠷᠬᠠᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠵᠡᠭᠳᠡᠬᠦ᠂ | ᠤᠨᠤᠪᠴᠢᠲᠠᠢ ᠪᠣᠯᠭᠠᠬᠤ ᠶᠢ ᠬᠦᠴᠦᠲᠡᠶ ᠳᠥᠯᠭᠢᠨ ᠠᠬᠢᠭᠤᠯᠪᠠ᠃ | ᠴᠡᠭᠴᠡᠯᠡᠨ ᠰᠠᠶᠢᠵᠢᠷᠠᠭᠤᠯᠬᠤ ᠶᠠᠪᠤᠴᠠ ᠳᠤ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠪᠣᠯᠤᠨ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠨᠢᠭᠲᠠ ᠵᠣᠯᠭᠠᠯᠴᠠᠵᠤ᠂ ᠬᠠᠮᠵᠢᠯᠴᠠᠨ ᠠᠵᠢᠯᠯᠠᠵᠤ᠂ ᠡᠯ᠎ᠡ ᠲᠠᠯ᠎ᠠ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠪᠡ᠃ ᠬᠠᠭᠠᠰ ᠰᠠᠷ᠎ᠠ ᠬᠥᠷᠬᠦ | ᠥᠬᠡᠶ ᠣᠬᠤᠷᠬᠠᠨ ᠬᠤᠭᠤᠴᠠᠭᠠᠨ ᠳᠤ᠂ 8 ᠵᠦᠢᠯ ᠤᠨ ᠠᠰᠠᠭᠤᠳᠠᠯ ᠢ ᠦᠨᠡᠨ ᠬᠦ ᠪᠦᠲᠦᠮᠵᠢᠲᠡᠶ ᠴᠡᠭᠴᠡᠯᠡᠨ | ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠡᠶᠡᠯᠡᠭᠦᠯᠦᠭᠰᠡᠨ ᠨᠣᠷᠮ᠎ᠠ ᠶᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠭᠡᠳ 20% ᠪᠣᠯᠭᠠᠵᠤ᠂ ᠲᠠᠷᠠᠭᠠᠴᠢ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠤᠷᠤᠭᠰᠢᠲᠠᠶ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ | | | | | | |