ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠴᠢᠩᠭᠠᠷᠠᠭᠤᠯᠤᠨ᠂ ᠣᠷᠣᠰᠢᠨ ᠰᠠᠭᠤᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠢᠳᠡᠪᠬᠢᠲᠡᠶ ᠭᠦᠢᠴᠡᠳᠬᠡᠵᠦ᠂ 2023 ᠣᠨ ᠠᠴᠠ ᠨᠠᠰᠢ ᠡᠯ᠎ᠡ | ᠵᠦᠢᠯ ᠤᠨ ᠪᠠᠯᠠ ᠮᠥᠩᠭᠦ ᠶᠢ ᠨᠡᠶᠢᠲᠡ 8044.84 ᠲᠦᠮᠡᠨ ᠲᠥᠭᠦᠷᠢᠭ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ | ᠵᠢᠤ ᠶᠤᠸᠠᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠣᠷᠴᠢᠨ ᠠᠬᠤᠶ ᠶᠢᠨ ᠠᠷᠢᠭᠤᠨ ᠴᠡᠪᠡᠷ ᠢ | ᠵᠠᠬ᠎ᠠ ᠳᠡᠯᠭᠡᠭᠦᠷᠴᠢᠯᠡᠨ ᠠᠵᠢᠯᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠨᠡᠶᠢᠲᠡ ᠶᠢᠨ ᠵᠣᠷᠯᠣᠩ ᠢ | ᠥᠭᠡᠷᠡᠴᠢᠯᠡᠨ ᠲᠠᠰ ᠳᠡᠪᠰᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠵᠤ᠂ | ᠬᠤᠲᠠ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠬᠤ ᠪᠠ ᠴᠢᠳᠠᠮᠵᠢ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃ | ᠨᠢᠭᠡ᠂ ᠡᠳ᠋ ᠤᠨ ᠵᠠᠰᠠᠭ ᠢᠶᠠᠷ ᠲᠤᠯᠭᠠᠭᠤᠷᠢᠯᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ | ᠳᠡᠯᠭᠡᠭᠦᠷ ᠤᠨ ᠰᠢᠨ᠎ᠡ ᠪᠠᠶᠢᠳᠠᠯ ᠢ ᠨᠡᠭᠡᠭᠡᠨ᠎ᠡ᠃ | ᠬᠤᠲᠠ ᠶᠢᠨ ᠬᠡᠪᠴᠢᠶ᠎ᠡ ᠶᠢᠨ ᠲᠠᠰᠤᠷᠠᠯᠲᠠ ᠦᠭᠡᠶ ᠥᠷᠭᠡᠳᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ | ᠬᠡᠮᠵᠢᠶ᠎ᠡ ᠶᠢᠨ ᠡᠳᠦᠷ ᠢᠷᠡᠬᠦᠶ᠎ᠡ ᠳᠡᠭᠡᠭᠰᠢᠯᠡᠬᠦ ᠶᠢ ᠳᠠᠭᠠᠯᠳᠤᠨ᠂ ᠨᠡᠶᠢᠭᠡᠮ ᠠᠴᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠶᠠᠰᠤ ᠴᠢᠨᠠᠷ ᠪᠣᠯᠤᠨ ᠬᠤᠲᠠ ᠶᠢᠨ ᠡᠮᠬᠢ ᠳᠢᠭᠯᠢᠮ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠶ ᠴᠤᠤᠷᠢᠶᠠᠲᠤᠨ ᠳᠠᠭᠠᠵᠤ᠂ ᠣᠲᠣ | ᠪᠣᠯᠲᠠᠯ᠎ᠠ᠂ ᠨᠢᠭᠡᠨᠲᠡ ᠨᠡᠶᠢᠲᠡ 7247.84 ᠲᠦᠮᠡᠨ ᠲᠥᠭᠦᠷᠢᠭ ᠰᠠᠯᠭᠠᠨ ᠥᠭᠴᠦ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ ᠠᠵᠢᠯ ᠢ ᠪᠥᠬᠦ ᠲᠠᠯ᠎ᠠ ᠪᠠᠷ ᠳᠡᠮᠵᠢᠵᠦ᠂ ᠪᠠᠯᠠ ᠮᠥᠩᠭᠦ ᠳᠤ ᠴᠡᠪᠡᠷᠯᠡᠵᠦ | ᠬᠠᠮᠠᠭᠠᠯᠠᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠣᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠬᠤ | ᠵᠡᠷᠭᠡ ᠣᠯᠠᠨ ᠭᠤᠭᠴᠤᠭ᠎ᠠ ᠶᠢ ᠬᠠᠮᠤᠷᠴᠤ᠂ ᠥᠨᠳᠥᠷ ᠪᠦᠲᠦᠮᠵᠢᠲᠡᠶ᠂ ᠤᠷᠤᠰᠤᠮ᠎ᠠ ᠰᠠᠶᠢᠬᠠᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠰᠢᠰᠲ᠋ᠧᠮ ᠢ ᠪᠠᠶᠢᠭᠤᠯᠵᠤ᠂ ᠰᠠᠭᠤᠭᠠᠯᠢ ᠠᠷᠠᠳ ᠲᠤ ᠲᠠᠭᠠᠯᠠᠮᠵᠢᠲᠠᠶ | ᠠᠮᠢᠳᠤᠷᠠᠯ ᠤᠨ ᠣᠷᠣᠨ ᠵᠠᠶ ᠶᠢ ᠪᠣᠶ ᠪᠣᠯᠭᠠᠪᠠ᠃ | ᠬᠤᠶᠠᠷ᠂ ᠡᠳ᠋ ᠤᠨ ᠵᠠᠰᠠᠭ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ | ᠰᠢᠨ᠎ᠡ ᠳᠦᠷᠢ ᠲᠥᠷᠬᠦ ᠶᠢ ᠢᠯᠡᠷᠡᠭᠦᠯᠪᠡ᠃ | ᠬᠤᠭ ᠨᠣᠪᠰᠢ ᠶᠢ ᠲᠥᠷᠥᠯ ᠬᠤᠪᠢᠶᠠᠬᠤ ᠪᠣᠯ ᠬᠤᠲᠠ ᠶᠢᠨ ᠦᠷᠭᠦᠯᠵᠢᠯᠡᠬᠦ ᠬᠥᠭᠵᠢᠯᠲᠡ ᠶᠢᠨ ᠴᠢᠬᠤᠯᠠ ᠠᠷᠭ᠎ᠠ | ᠬᠡᠮᠵᠢᠶ᠎ᠡ ᠪᠠᠶᠢᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠢᠦ ᠶᠤᠸᠠᠨ ᠤ ᠡᠳ᠋ ᠤᠨ ᠵᠠᠰᠠᠭ ᠤᠨ | ᠲᠣᠪᠴᠢᠶ᠎ᠠ ᠨᠡᠶᠢᠲᠡ 463 ᠲᠦᠮᠡᠨ ᠲᠥᠭᠦᠷᠢᠭ ᠪᠠᠭᠤᠯᠭᠠᠵᠤ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ | ᠴᠤᠭᠯᠠᠭᠤᠯᠬᠤ ᠪᠡᠯᠡᠳᠬᠡᠮᠵᠢ᠂ ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠪᠡᠯᠡᠳᠬᠡᠮᠵᠢ᠂ ᠬᠤᠪᠢᠶᠠᠨ | ᠢᠯᠭᠠᠬᠤ ᠲᠥᠪ ᠵᠡᠷᠭᠡ ᠲᠥᠷᠥᠯ ᠵᠦᠢᠯ ᠳᠤ ᠬᠡᠷᠡᠭᠯᠡᠪᠡ᠃ ᠳᠠᠬᠢᠯᠲᠠ ᠡᠬᠢ ᠪᠠᠶᠠᠯᠢᠭ ᠢ ᠵᠣᠬᠢᠰᠲᠠᠢ ᠠᠰᠢᠭᠯᠠᠬᠤ ᠶᠢ | ᠪᠦᠲᠦᠮᠵᠢᠲᠡᠢ ᠠᠬᠢᠭᠤᠯᠵᠤ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠮᠡᠳᠡᠭᠳᠡᠮ᠎ᠡ ᠳᠡᠭᠡᠭᠰᠢᠯᠡᠭᠦᠯᠵᠦ᠂ | ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ | ᠬᠦᠴᠦ ᠨᠡᠮᠡᠷᠢᠯᠡᠪᠡ᠃ | ᠭᠤᠷᠪᠠ᠂ ᠡᠳ᠋ ᠤᠨ ᠵᠠᠰᠠᠭ ᠠᠴᠠ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠨᠡᠶᠢᠲᠡ ᠶᠢᠨ ᠵᠣᠷᠯᠣᠩ ᠢ ᠳᠡᠰ | ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠤᠨ᠎ᠠ᠃ | ᠨᠡᠶᠢᠲᠡ ᠶᠢᠨ ᠵᠣᠷᠯᠣᠩ ᠬᠡᠳᠦᠶᠢᠪᠡᠷ ᠪᠠᠭ᠎ᠠ ᠪᠣᠯᠪᠠᠴᠤ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠲᠠᠢ | ᠬᠤᠯᠪᠣᠭᠳᠠᠨ᠎ᠠ᠃ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠠᠮᠢᠳᠤᠷᠠᠯ ᠤᠨ | ᠨᠠᠷᠢᠨ ᠵᠦᠢᠯᠡᠰ ᠤᠨ ᠬᠦᠷᠢᠶ᠎ᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠲᠡ 334 ᠲᠦᠮᠡᠨ ᠲᠥᠭᠦᠷᠢᠭ | ᠰᠠᠯᠭᠠᠨ ᠥᠭᠴᠦ ᠨᠡᠶᠢᠲᠡ ᠶᠢᠨ ᠵᠣᠷᠯᠣᠩ ᠢ ᠲᠠᠰ ᠳᠡᠪᠰᠢᠭᠦᠯᠦᠨ ᠥᠭᠡᠷᠡᠴᠢᠯᠡᠬᠦ ᠳᠤ ᠬᠡᠷᠡᠭᠯᠡᠭᠦᠯᠵᠦ᠂ ᠬᠠᠭᠤᠷᠠᠶ | ᠵᠣᠷᠯᠣᠩ ᠢ ᠤᠰᠤ ᠪᠠᠷ ᠴᠡᠪᠡᠷᠯᠡᠬᠦ ᠵᠣᠷᠯᠣᠩ ᠪᠠ ᠤᠭᠰᠠᠷᠠᠮᠠᠯ ᠮᠠᠶ᠋ᠢᠭ ᠤᠨ ᠨᠡᠶᠢᠲᠡ ᠶᠢᠨ ᠵᠣᠷᠯᠣᠩ ᠤᠨ ᠪᠥᠲᠥᠭᠡᠨ | ᠪᠠᠶᠢᠭᠤᠯᠤᠯᠲᠠ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠨᠡᠶᠢᠲᠡ ᠶᠢᠨ ᠵᠣᠷᠯᠣᠩ ᠤᠨ ᠠᠮᠤᠷ ᠲᠦᠪᠰᠢᠨ ᠤ | ᠬᠡᠮ ᠰᠣᠭᠤᠭ ᠢ ᠰᠢᠢᠳᠪᠦᠷᠢᠯᠡᠬᠦ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ᠂ ᠠᠮᠤᠷ ᠲᠦᠪᠰᠢᠨ᠂ ᠠᠷᠢᠭᠤᠨ ᠴᠡᠪᠡᠷ ᠵᠣᠷᠯᠣᠩ | ᠬᠡᠷᠡᠭᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ | ᠲᠥᠷᠥᠭᠳᠡᠯ ᠢ ᠦᠨᠡᠨ ᠬᠦ ᠨᠡᠮᠡᠭᠳᠡᠭᠦᠯᠪᠡ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠠᠮᠢᠳᠤᠷᠠᠯ ᠳᠤ | ᠦᠢᠯᠡᠴᠢᠯᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ | ᠭᠦᠢᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠪᠠᠯᠠ | ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠣᠷᠳᠣ ᠬᠤᠭᠤᠴᠠᠭᠠᠨ ᠤ ᠪᠦᠲᠦᠮᠵᠢᠲᠡᠶ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠡᠪᠡᠷ | ᠴᠡᠮᠴᠡᠭᠡᠷ᠂ ᠡᠮᠬᠢ ᠵᠢᠷᠤᠮ ᠲᠠᠢ᠂ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠨᠥᠬᠦᠴᠡᠯ ᠢ ᠪᠣᠶ | ᠪᠣᠯᠭᠠᠬᠤ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠨ᠎ᠡ᠃ | | | | | | | | |