| | 3 ᠰᠠᠷ᠎ᠠ ᠶᠢᠨ 20 ᠤ ᠡᠳᠦᠷ᠂ ᠬᠤᠲᠠ ᠲᠣᠭᠤᠷᠢᠭ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠳᠤᠭᠤᠶᠢᠯᠠᠩ | ᠪᠠᠶᠢᠭᠤᠯᠵᠤ ᠥᠪᠥᠷ ᠮᠣᠩᠭᠤᠯ ᠤᠨ ᠱᠠᠨ ᠱᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ | ᠠᠶᠦᠯᠭᠦᠢ ᠦᠢᠯᠡᠳᠪᠦᠷᠢᠯᠡᠯ ᠢ ᠵᠢᠯᠣᠭᠤᠳᠤᠨ ᠬᠠᠪᠰᠤᠷᠤᠨ ᠲᠡᠳᠬᠦᠬᠦ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠧ ᠰᠥᠩ | ᠲᠤᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠭᠤᠤ ᠹᠧᠩ | ᠵᠢᠴᠢ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠥᠬᠦᠶ ᠬᠥᠮᠦᠰ ᠣᠷᠣᠯᠴᠠᠪᠠ᠃ ᠵᠢᠯᠣᠭᠤᠳᠬᠤ | ᠳᠤᠭᠤᠶᠢᠯᠠᠩ ᠨᠢ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠶᠤᠯ | ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠠᠶᠦᠯᠭᠦᠢ | ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠶ ᠭᠠᠵᠠᠷ ᠲᠤᠨᠢ ᠪᠠᠶᠢᠴᠠᠭᠠᠬᠤ᠂ | ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯ ᠥᠬᠡᠶ | ᠦᠢᠯᠡᠳᠪᠦᠷᠢᠯᠡᠯ ᠤᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ᠂ ᠴᠢᠭᠯᠡᠭᠦᠯᠬᠦ ᠴᠢᠨᠠᠷᠲᠠᠶ | ᠵᠢᠯᠣᠭᠤᠳᠬᠤ ᠰᠠᠨᠠᠯ ᠳᠤᠷᠠᠳᠪᠠ᠃ | ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠳᠤᠭᠤᠶᠢᠯᠠᠩ ᠨᠢ ᠭᠤᠤᠯᠳᠠᠭᠤ ᠠᠵᠤ ᠠᠬᠤᠶᠢᠯᠠᠯ ᠤᠨ | ᠠᠳᠡᠯ ᠤᠨ ᠰᠡᠷᠡᠮᠵᠢᠯᠡᠭᠦᠯᠬᠦ ᠬᠥᠮᠦᠵᠢᠯ᠂ ᠱᠠᠩᠨᠠᠵᠤ ᠲᠣᠷᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠠᠶᠦᠯᠭᠦᠢ ᠦᠢᠯᠡᠳᠪᠦᠷᠢᠯᠡᠯ ᠤᠨ《 ᠭᠤᠷᠪᠠᠨ ᠵᠢᠯ ᠤᠨ ᠠᠵᠢᠯᠯᠠᠭ᠎ᠠ 》 ᠶᠢᠨ 2025 ᠣᠨ ᠤ ᠱᠠᠲᠤ ᠦᠶ᠎ᠡ ᠶᠢᠨ | ᠡᠭᠦᠷᠭᠡ ᠶᠢ ᠠᠬᠢᠭᠤᠯᠬᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ | ᠰᠤᠷᠤᠯᠴᠠᠵᠤ ᠬᠡᠷᠡᠭᠯᠡᠬᠦ ᠵᠢᠴᠢ ᠲᠦᠭᠰᠢᠭᠦᠷᠢ ᠶᠢᠨ ᠴᠡᠭ ᠤᠨ ᠬᠥᠳᠡᠯᠦᠩᠭᠦᠶ ᠰᠤᠳᠤᠯᠤᠨ ᠮᠠᠭᠠᠳᠯᠠᠬᠤ ᠲᠣᠭᠲᠠᠴᠠ | ᠵᠡᠷᠭᠡ ᠲᠠᠯ᠎ᠠ ᠪᠠᠷ ᠬᠠᠷᠭᠤᠭᠤᠯᠤᠨ ᠪᠠᠶᠢᠴᠠᠭᠠᠪᠠ᠃ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠰᠡᠯᠪᠢᠨ ᠵᠠᠰᠠᠬᠤ ᠦᠢᠯᠡᠳᠪᠦᠷᠢ ᠶᠢᠨ ᠲᠠᠰᠤᠭ ᠢ ᠪᠠᠶᠢᠴᠠᠭᠠᠨ | ᠦᠵᠡᠵᠦ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮ᠂ | ᠲᠥᠬᠦᠭᠡᠷᠦᠮᠵᠢ ᠶᠢᠨ ᠠᠵᠢᠯᠯᠠᠭᠠᠨ ᠵᠢᠴᠢ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠪᠠᠶᠢᠭ᠎ᠠ ᠵᠡᠷᠭᠡ ᠪᠠᠶᠢᠳᠠᠯ ᠢ ᠪᠥᠬᠦ | ᠲᠠᠯ᠎ᠠ ᠪᠠᠷ ᠣᠶᠢᠯᠠᠭᠠᠨ᠎ᠠ᠃ | | | | ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠳᠤᠭᠤᠶᠢᠯᠠᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ | ᠪᠥᠬᠦ ᠠᠵᠢᠯᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ᠳᠠᠷᠤᠯᠲᠠ ᠶᠢ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠳᠠᠮᠵᠢᠭᠤᠯᠵᠤ᠂ ᠢᠯᠠᠩᠭᠤᠶ᠎ᠠ | ᠠᠶᠤᠯ ᠶᠡᠬᠡᠲᠡᠶ ᠠᠵᠢᠯ ᠤᠨ ᠬᠢᠨᠠᠨ ᠵᠥᠪᠰᠢᠶᠡᠷᠡᠯ ᠪᠠ ᠲᠤᠬᠠᠶ ᠶᠢᠨ ᠲᠠᠯᠠᠪᠠᠶ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ᠂ ᠬᠡᠮ ᠰᠣᠭᠤᠭ ᠢ ᠠᠷᠢᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃《 ᠭᠤᠷᠪᠠᠨ ᠵᠢᠯ ᠤᠨ ᠠᠵᠢᠯᠯᠠᠭ᠎ᠠ 》 ᠶᠢᠨ ᠦᠷ᠎ᠡ ᠪᠦᠲᠦᠭᠡᠯ ᠢ ᠤᠯᠠᠷᠢᠭᠤᠯᠬᠤ ᠶᠢ | ᠭᠦᠨᠵᠡᠭᠡᠶᠢᠷᠡᠭᠦᠯᠵᠦ᠂ 2025 ᠣᠨ ᠤ ᠬᠠᠷᠠᠯᠲᠠ ᠲᠠᠢ ᠬᠠᠷᠭᠤᠭᠤᠯᠵᠤ᠂ 2025 ᠣᠨ ᠤ ᠬᠤᠪᠢᠶᠠᠷᠢ ᠲᠥᠰᠦᠯ ᠢ | ᠲᠣᠭᠲᠠᠭᠠᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | | | | | | | | |