ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/26
    ᠥᠷᠭᠡᠨ ᠣᠯᠠᠨ ᠬᠤᠲᠠ ᠶᠢᠨ ᠠᠷᠠᠳ ᠤᠨ ᠠᠩᠬᠠᠷᠴᠤ ᠪᠠᠶᠢᠭ᠎ᠠ ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠠᠵᠢᠯ ᠲᠥᠷᠥᠯ ᠤᠨ ᠡᠮᠬᠢ ᠵᠠᠮᠪᠠᠷᠠᠭ᠎ᠠ ᠦᠭᠡᠶ ᠪᠠᠶᠢᠳᠠᠯ ᠳᠤ ᠴᠢᠭᠯᠡᠭᠦᠯᠦᠨ᠂ ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠪᠠ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠳᠲᠡᠷ ᠲᠦᠷᠭᠡᠨ ᠴᠤᠤᠷᠢᠶᠠᠲᠤᠨ ᠢᠳᠡᠪᠬᠢᠲᠡᠶ ᠬᠥᠳᠡᠯᠦᠯᠴᠡᠵᠦ᠂ ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃
1111.jpg
    3 ᠰᠠᠷ᠎ᠠ ᠶᠢᠨ 16  ᠤ ᠡᠳᠦᠷ ᠠᠴᠠ ᠡᠬᠢᠯᠡᠨ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠰᠤᠭ ᠭᠠᠵᠠᠷ ᠬᠠᠮᠲᠤᠷᠠᠨ ᠬᠥᠳᠡᠯᠦᠯᠴᠡᠬᠦ ᠠᠷᠭ᠎ᠠ ᠠᠪᠴᠤ᠂ ᠬᠠᠷᠢᠶᠠᠲᠤ ᠣᠷᠣᠨ ᠤ ᠲᠥᠪᠯᠡᠷᠡᠭᠦᠯᠦᠨ ᠬᠤᠳᠠᠯᠳᠤᠬᠤ ᠭᠠᠵᠠᠷ ᠲᠤ ᠴᠢᠭᠯᠡᠭᠦᠯᠦᠨ ᠭᠡᠨᠡᠳᠲᠡ ᠶᠢᠨ ᠪᠠᠶᠢᠴᠠᠭᠠᠯᠲᠠ ᠬᠢᠵᠦ᠂ ᠨᠡᠶᠢᠲᠡ 5 ᠪᠣᠷᠣᠯᠠᠭᠤᠯᠬᠤ ᠪᠡᠶᠡᠴᠢ ᠴᠣᠭᠴᠠ ᠶᠢ ᠪᠠᠶᠢᠴᠠᠭᠠᠪᠠ᠃ ᠥᠨᠥᠳᠦᠷ ᠪᠣᠯᠲᠠᠯ᠎ᠠ᠂ ᠮᠠᠨ ᠤ ᠲᠣᠪᠴᠢᠶ᠎ᠠ ᠬᠠᠷᠢᠶ᠎ᠠ ᠣᠷᠣᠨ ᠳᠤ《 ᠬᠡᠪᠢᠰ ᠮᠠᠶ᠋ᠢᠭ ᠤᠨ 》ᠪᠠᠶᠢᠴᠠᠭᠠᠯᠲᠠ ᠶᠢ ᠠᠩᠬ᠎ᠠ ᠠᠯᠬᠤᠮ ᠪᠡᠶᠡᠯᠡᠭᠦᠯᠵᠦ᠂ ᠨᠡᠶᠢᠲᠡ 20 ᠭᠠᠷᠤᠢ ᠡᠷᠦᠭᠡ ᠤᠳᠠᠭ᠎ᠠ ᠶᠢ  ᠪᠠᠶᠢᠴᠠᠭᠠᠵᠤ᠂ 20  ᠭᠠᠷᠤᠢ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠪᠡ᠃    ᠨᠢᠭᠡ ᠳᠤ᠂ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠯᠲᠡ ᠶᠢᠨ ᠦᠨᠡᠮᠯᠡᠯ᠂ ᠪᠠᠷᠠᠭ᠎ᠠ ᠣᠷᠣᠭᠤᠯᠤᠭᠰᠠᠨ ᠭᠡᠷᠡᠴᠢ ᠪᠠᠷᠢᠮᠲᠠ᠂ ᠦᠢᠯᠡᠳᠬᠦᠨ ᠤ ᠬᠢᠷᠢ ᠲᠡᠩᠴᠡᠭᠰᠡᠨ ᠭᠡᠷᠡᠴᠢ ᠵᠡᠷᠭᠡ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠬᠡᠯᠪᠡᠷᠢ ᠮᠠᠶ᠋ᠢᠭ᠂ ᠬᠡᠪ ᠪᠠᠷᠢᠮᠵᠢᠶ᠎ᠠ᠂ ᠦᠢᠯᠡᠳᠪᠦᠷᠢ ᠶᠢᠨ ᠨᠡᠷ᠎ᠡ ᠬᠠᠶ᠋ᠢᠭ ᠵᠡᠷᠭᠡ ᠮᠡᠳᠡᠭᠡ ᠵᠠᠩᠭᠢ ᠶᠢ ᠨᠠᠷᠢᠨ ᠬᠠᠷᠭᠤᠭᠤᠯᠵᠤ᠂《 ᠪᠠᠷᠢᠮᠵᠢᠶ᠎ᠠ ᠪᠤᠰᠤ 》ᠴᠠᠬᠢᠯᠭᠠᠨ ᠤᠲᠠᠰᠤ ᠴᠠᠬᠢᠯᠭᠠᠨ ᠳᠡᠭᠡᠰᠦ ᠪᠣᠷᠣᠯᠠᠭᠤᠯᠬᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠪᠣᠷᠣᠯᠠᠭᠤᠯᠬᠤ᠂ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠬᠢᠬᠦ ᠥᠬᠡᠶ ᠪᠠ 3 c ᠭᠡᠷᠡᠴᠢᠯᠡᠭᠡ ᠶᠢᠨ ᠲᠡᠮᠳᠡᠭ ᠢ ᠬᠠᠭᠤᠷᠮᠠᠭᠯᠠᠨ ᠵᠣᠬᠢᠶᠠᠬᠤ᠂ ᠬᠠᠭᠤᠷᠮᠠᠭᠯᠠᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠵᠡᠩᠨᠡᠭᠴᠢ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠢᠯᠡᠳᠬᠦᠨ ᠤ ᠶᠠᠰᠤ ᠴᠢᠨᠠᠷ ᠤᠨ ᠮᠡᠳᠡᠯᠭᠡ ᠶᠢ ᠤᠬᠠᠭᠤᠯᠵᠤ᠂ ᠲᠡᠳᠡᠨ ᠢ ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠶᠢᠨ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ  ᠭᠦᠢᠴᠡᠳᠬᠡᠨ᠎ᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠬᠢᠯᠭᠠᠨ ᠤᠲᠠᠰᠤ ᠴᠠᠬᠢᠯᠭᠠᠨ ᠳᠡᠭᠡᠰᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠷᠢᠶ᠎ᠠ ᠣᠷᠣᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠥᠷᠭᠡᠨ ᠣᠯᠠᠨ ᠬᠡᠷᠡᠭᠯᠡᠭᠴᠢᠳ ᠲᠤ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号