ᠰᠠᠶᠢᠬᠠᠨ ᠬᠠᠤᠯᠢ ᠴᠠᠭᠠᠵᠠ ᠶᠢᠨ ᠭᠠᠵᠠᠷ ᠬᠠᠤᠯᠢ ᠲᠦᠭᠡᠮᠡᠯᠵᠢᠭᠦᠯᠬᠦ ᠠᠵᠢᠯ ᠢ ᠬᠥᠳᠡᠭᠡ ᠲᠣᠰᠬᠤᠨ ᠳᠤ ᠣᠷᠣᠭᠤᠯᠵᠤ᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ《 ᠠᠮᠤᠷ ᠲᠦᠪᠰᠢᠨ ᠤ ᠲᠤᠤᠷ 》 ᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/3/26
    ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠤ《 ᠨᠠᠰᠤᠵᠢᠯ ᠤᠨ ᠠᠰᠠᠷᠠᠮᠵᠢ ᠶᠢᠨ ᠮᠥᠩᠭᠦ 》 ᠶᠢ ᠰᠠᠶᠢᠲᠤᠷ ᠰᠠᠬᠢᠨ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠬᠠᠤᠯᠢ ᠴᠠᠭᠠᠵᠠ ᠶᠢᠨ ᠭᠠᠵᠠᠷ ᠢᠳᠡᠪᠬᠢᠲᠡᠶ ᠬᠥᠳᠡᠯᠦᠯᠴᠡᠵᠦ᠂ ᠡᠯ᠎ᠡ ᠲᠣᠰᠬᠤᠨ᠂ ᠭᠡᠷ ᠬᠤᠷᠢᠶᠠᠯᠠᠯ ᠳᠤ ᠭᠦᠨᠵᠡᠭᠡᠶᠢᠷᠡᠨ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠠᠯᠢ ᠣᠯᠠᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
11.jpg
    ᠤᠬᠠᠭᠤᠯᠭ᠎ᠠ ᠶᠢᠨ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠲᠣᠰᠬᠤᠨ ᠳᠤ ᠰᠠᠭᠤᠭ᠎ᠠ ᠬᠠᠤᠯᠢ ᠴᠠᠭᠠᠵᠠ ᠶᠢᠨ ᠵᠥᠪᠯᠡᠭᠴᠢ ᠲᠠᠢ ᠬᠤᠯᠪᠣᠭᠠᠯᠠᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠬᠦ ᠪᠠᠷ ᠳᠡᠮᠵᠢᠨ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠨᠠᠰᠤᠲᠠᠶᠢᠴᠤᠳ ᠲᠤ ᠦᠷᠭᠦᠯᠵᠢ ᠬᠠᠷᠠᠭᠳᠠᠳᠠᠭ ᠮᠡᠬᠡᠯᠡᠬᠦ ᠠᠷᠭ᠎ᠠ ᠪᠠᠷᠢᠯ ᠢ ᠨᠠᠷᠢᠨ ᠲᠠᠶᠢᠯᠪᠦᠷᠢᠯᠠᠵᠤ ᠦᠭᠪᠡ᠃《 ᠡᠷᠡᠭᠦᠯᠵᠢᠯ ᠤᠨ ᠡᠳ᠋ ᠤᠨ ᠮᠡᠬᠡᠯᠡᠯ 》 ᠤᠨ ᠬᠠᠤᠯᠢ ᠪᠤᠰᠤ ᠡᠲᠡᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠡᠳᠬᠢᠴᠡ ᠶᠢ ᠠᠰᠢᠭᠯᠠᠨ᠂ ᠡᠷᠡᠭᠦᠯᠵᠢᠯ ᠤᠨ ᠡᠳ᠋ ᠤᠨ ᠦᠢᠯᠡᠳᠦᠯ ᠢ ᠬᠤᠳᠠᠯ ᠬᠠᠭᠤᠷᠮᠠᠭ ᠢᠶᠠᠷ ᠤᠬᠠᠭᠤᠯᠬᠤ ᠠᠴᠠ︔ 《 ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠤᠨᠠᠭᠤᠯᠢ 》 ᠳᠤ ᠬᠦᠷᠴᠦ᠂ ᠥᠨᠳᠥᠷ ᠬᠦᠦ ᠶᠢᠨ ᠬᠠᠷᠢᠭᠤ ᠪᠠᠷ ᠥᠭᠶᠥᠭᠡ ᠪᠣᠯᠭᠠᠨ ᠨᠠᠰᠤᠲᠠᠶᠢᠴᠤᠳ ᠤᠨ ᠬᠠᠳᠠᠭᠠᠯᠠᠮᠵᠢ ᠶᠢ ᠮᠡᠬᠡᠯᠡᠨ ᠠᠪᠬᠤ ᠠᠴᠠ︔ ᠲᠠᠬᠢᠭᠠᠳ《ᠲᠦᠷᠦᠯ ᠰᠠᠳᠤᠨ ᠨᠠᠶᠢᠵᠠ ᠪᠠᠷ ᠣᠪᠯᠠᠵᠤᠮᠡᠬᠡᠯᠡᠬᠦ 》 ᠳᠤ  ᠬᠦᠷᠦᠨ᠂ ᠮᠡᠬᠡᠯᠡᠭᠴᠢ ᠨᠠᠰᠤᠲᠠᠨ ᠤ ᠦᠷ᠎ᠡ ᠬᠡᠦᠬᠡᠳ᠂ ᠲᠦᠷᠦᠯ ᠰᠠᠳᠤᠨ ᠵᠡᠷᠭᠡ ᠪᠠᠷ ᠣᠪᠯᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠰᠢᠭᠯᠠᠨ ᠵᠣᠭᠤᠰ ᠮᠥᠩᠭᠦ ᠡᠳ᠋ ᠪᠣᠳᠠᠰ ᠨᠡᠬᠡᠵᠦ ᠠᠪᠤᠭᠰᠠᠨ ᠵᠡᠷᠭᠡ ᠬᠡᠷᠡᠭ ᠤᠨ ᠵᠢᠱᠢᠶ᠎ᠡ ᠶᠢ ᠵᠣᠬᠢᠶᠠᠵᠤ᠂ ᠮᠡᠬᠡᠯᠡᠭᠴᠢ ᠶᠢᠨ ᠬᠡᠷᠡᠭ ᠬᠢᠬᠦ ᠠᠷᠭ᠎ᠠ ᠪᠠᠷᠢᠯ ᠪᠠ ᠣᠨᠴᠠᠯᠢᠭ ᠢ ᠨᠢᠭᠡᠳ ᠨᠢᠭᠡ ᠪᠠᠷ ᠵᠠᠳᠠᠯᠤᠨ ᠰᠢᠨᠵᠢᠯᠡᠪᠡ᠃
22.jpg
    ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠪᠠᠰᠠ ᠲᠣᠰᠬᠤᠨ ᠤ᠂  ᠭᠡᠷ ᠬᠤᠷᠢᠶᠠᠯᠠᠯ ᠤᠨ ᠠᠭᠤᠳᠠᠮ ᠲᠠᠯᠠᠪᠠᠶ᠂ ᠨᠠᠰᠤᠲᠠᠶᠢᠴᠤᠳ ᠤᠨ ᠠᠵᠢᠯᠯᠠᠭᠠᠨ ᠤ ᠲᠥᠪ ᠵᠡᠷᠭᠡ ᠭᠠᠵᠠᠷ ᠲᠤ ᠭᠦᠨᠵᠡᠭᠡᠶᠢᠷᠡᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠰᠤᠲᠠᠶᠢᠴᠤᠳ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠪᠡ᠃ ᠡᠭᠦᠨ ᠤ ᠬᠠᠮᠲᠤ᠂ ᠨᠠᠰᠤᠲᠠᠶᠢᠴᠤᠳ ᠲᠤ ᠲᠠᠨᠢᠯ ᠪᠤᠰᠤ ᠬᠥᠮᠦᠨ ᠤ ᠤᠲᠠᠰᠤ ᠪᠠ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠥᠬᠡᠶ᠂ ᠬᠤᠪᠢ ᠬᠥᠮᠦᠨ ᠤ ᠪᠡᠶ᠎ᠡ ᠬᠡᠮ ᠪᠠ ᠪᠠᠩᠬᠢ ᠶᠢᠨ ᠨᠣᠮᠧᠷ ᠵᠡᠷᠭᠡ ᠴᠢᠬᠤᠯᠠ ᠮᠡᠳᠡᠭᠡ ᠵᠠᠩᠭᠢ ᠶᠢ ᠳᠤᠷ᠎ᠠ ᠪᠠᠷ ᠢᠶᠠᠨ ᠵᠠᠳᠠᠷᠠᠭᠤᠯᠵᠤ ᠪᠣᠯᠬᠤ ᠥᠬᠡᠶ᠂ ᠰᠡᠵᠢᠭᠯᠡᠯᠲᠡᠶ ᠪᠠᠶᠢᠳᠠᠯ ᠲᠤᠯᠭᠠᠷᠠᠪᠠᠯ ᠴᠠᠭ ᠲᠤᠬᠠᠶ ᠳᠤᠨᠢ ᠦᠷ᠎ᠡ ᠬᠡᠦᠬᠡᠳ ᠲᠠᠢ ᠪᠠᠨ ᠬᠠᠷᠢᠯᠴᠠᠬᠤ ᠪᠤᠶᠤ ᠴᠠᠭᠳᠠᠭ᠎ᠠ ᠳᠤ ᠮᠡᠳᠡᠭᠦᠯᠬᠦ ᠤᠲᠠᠰᠤ ᠠᠪᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ 8 ᠲᠣᠰᠬᠤᠨ᠂  ᠭᠡᠷ ᠬᠤᠷᠢᠶᠠᠯᠠᠯ ᠢ ᠬᠠᠮᠤᠷᠴᠤ᠂ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠰᠤᠲᠠᠶᠢᠴᠤᠳ ᠤᠨ ᠮᠡᠬᠡᠯᠡᠯ ᠢ ᠲᠠᠨᠢᠵᠤ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠨᠡᠮᠡᠭᠳᠡᠭᠦᠯᠵᠦ᠂ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠪᠠᠷ᠂ ᠰᠠᠶᠢᠬᠠᠨ ᠬᠠᠤᠯᠢ ᠴᠠᠭᠠᠵᠠ ᠶᠢᠨ ᠭᠠᠵᠠᠷ ᠡᠶᠢᠮᠦᠷᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号