ᠴᠢᠳᠠᠪᠤᠷᠢᠲᠠᠨ ᠤᠷᠢᠵᠤ ᠣᠶᠤᠨ ᠢ ᠲᠠᠲᠠᠨ ᠬᠥᠭᠵᠢᠯᠲᠡ ᠶᠢ ᠳᠡᠮᠵᠢᠵᠦ᠂ ᠠᠵᠢᠯ ᠤᠨ ᠪᠠᠶᠢᠷᠢ ᠬᠦᠷᠭᠡᠬᠦ ᠦᠢᠯᠡᠴᠢᠯᠡᠭᠡ ᠳᠠᠬᠢᠨ ᠡᠬᠢᠯᠡᠪᠡ
ᠨᠡᠶᠢᠲᠡᠯᠡᠭᠰᠡᠨ ᠴᠠᠭ᠄
2025/3/26
    ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠢᠳᠠᠪᠤᠷᠢᠲᠠᠨ ᠤᠷᠢᠵᠤ ᠣᠶᠤᠨ ᠢ ᠲᠠᠲᠠᠬᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠩ ᠣᠯᠠᠨ ᠶᠡᠭᠡ ᠰᠤᠷᠭᠠᠭᠤᠯᠢ ᠶᠢᠨ ᠲᠡᠭᠦᠰᠦᠭᠰᠡᠳ ᠢ ᠪᠤᠭᠤᠲᠤ ᠳᠤ ᠢᠷᠡᠵᠦ ᠠᠵᠢᠯ ᠤᠯᠬᠤ ᠶᠢ ᠠᠬᠢᠭᠤᠯᠵᠤ᠂ ᠲᠣᠰ ᠭᠠᠵᠠᠷ ᠤᠨ ᠠᠵᠤ ᠠᠬᠤᠶᠢᠯᠠᠯ ᠪᠠ ᠶᠡᠭᠡ ᠰᠤᠷᠭᠠᠭᠤᠯᠢ ᠶᠢᠨ《 ᠬᠤᠤᠰ ᠴᠢᠭᠯᠡᠯ ᠢᠶᠠᠷ ᠤᠷᠤᠭᠰᠢᠯᠠᠬᠤ 》 ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 23  ᠤ ᠡᠳᠦᠷ᠂  ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠥᠪᠥᠷ ᠮᠣᠩᠭᠤᠯ ᠤᠨ ᠵᠢᠦ ᠧᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠤᠭᠤᠲᠤ ᠶᠢᠨ ᠰᠢᠨ ᠳ᠋ᠡ ᠰᠢᠵᠢᠷ ᠠᠯᠲᠠᠨ ᠤ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠵᠥᠩ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠣᠯᠠᠨ ᠴᠢᠨᠠᠷ ᠰᠠᠶᠢᠲᠠᠶ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠣᠴᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠷᠭᠢᠯᠡᠭᠰᠡᠨ ᠪᠤᠭᠤᠲᠤ ᠬᠤᠲᠠ ᠶᠢᠨ 2025 ᠣᠨ ᠤ ᠬᠠᠪᠤᠷ ᠤᠨ ᠤᠯᠠᠷᠢᠯ ᠤᠨ ᠴᠢᠳᠠᠪᠤᠷᠢᠲᠠᠨ ᠤᠷᠢᠵᠤ ᠤᠶᠤᠨ ᠢ ᠲᠠᠲᠠᠬᠤ ᠲᠤᠰᠬᠠᠶ ᠲᠠᠯᠠᠪᠠᠶ ᠶᠢᠨ ᠤᠷᠢᠵᠤ ᠡᠯᠰᠡᠬᠦ ᠬᠤᠷᠠᠯ ᠳᠤ ᠣᠷᠣᠯᠴᠠᠭᠤᠯᠪᠠ᠃
111.jpg
    ᠲᠣᠰ ᠤᠳᠠᠭᠠᠨ ᠤ ᠠᠵᠢᠯᠯᠠᠭ᠎ᠠ ᠳᠤ᠂ ᠮᠠᠨ ᠤ ᠲᠤᠭᠤᠷᠢᠭ ᠨᠠᠶᠢᠲᠠ 13 ᠠᠵᠤ ᠠᠬᠤᠶᠢᠯᠠᠯ ᠢ ᠤᠷᠢᠵᠤ ᠬᠤᠷᠠᠯ ᠳᠤ ᠤᠷᠤᠯᠴᠠᠭᠤᠯᠪᠠ ᠂ ᠦᠢᠯᠡᠳᠬᠦ ᠦᠢᠯᠡᠰ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠯᠠᠨ ᠠᠵᠢᠯ ᠲᠥᠷᠥᠯ ᠳᠤ ᠬᠤᠯᠪᠣᠭᠳᠠᠵᠤ᠂ ᠭᠤᠤᠯᠯᠠᠨ ᠬᠠᠮᠢᠶᠠᠷᠤᠭᠴᠢ᠂ ᠮᠡᠷᠭᠡᠵᠢᠯᠲᠡᠨ᠂ ᠪᠠᠭᠰᠢ᠂ ᠢᠨᠵᠧᠨᠧᠷ ᠵᠡᠷᠭᠡ ᠣᠯᠠᠨ ᠬᠦᠷᠢᠶᠡᠨ ᠳᠠᠬᠢ 224 ᠠᠵᠢᠯ ᠤᠨ ᠪᠠᠶᠢᠷᠢ ᠬᠠᠩᠭᠠᠵᠤ᠂ ᠬᠠᠩᠭᠠᠯᠭ᠎ᠠ ᠬᠡᠷᠡᠭᠴᠡᠭᠡ ᠬᠤᠶᠠᠷ ᠦᠵᠦᠭᠦᠷ ᠢ ᠤᠨᠤᠪᠴᠢᠲᠠᠢ ᠪᠠᠷ ᠵᠣᠯᠭᠠᠭᠤᠯᠵᠤ᠂ ᠥᠷᠭᠡᠨ ᠣᠯᠠᠨ ᠶᠡᠭᠡ ᠰᠤᠷᠭᠠᠭᠤᠯᠢ ᠶᠢᠨ ᠰᠤᠷᠤᠭᠴᠢᠳ ᠢ ᠲᠤᠰᠬᠠᠶ ᠮᠡᠷᠭᠡᠵᠢᠯ ᠢᠶᠠᠷ ᠢᠶᠠᠨ ᠳᠣᠭᠢᠷᠠᠯᠴᠠᠭᠰᠠᠨ ᠪᠠ ᠰᠡᠳᠬᠢᠯ ᠳᠡᠭᠡᠨ ᠳᠠᠭᠠᠷᠠᠭᠰᠠᠨ ᠠᠵᠢᠯ ᠤᠨ ᠪᠠᠶᠢᠷᠢ ᠶᠢ ᠨᠠᠩ ᠲᠥᠬᠦᠮ᠂ ᠨᠠᠩ ᠲᠦᠷᠭᠡᠨ ᠢᠶᠠᠷ ᠰᠣᠩᠭᠤᠭᠤᠯᠪᠠ᠃ ᠡᠭᠦᠨ ᠤ ᠬᠠᠮᠲᠤ᠂ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠶ ᠳᠤ ᠪᠠᠰᠠ ᠶᠡᠭᠡ ᠰᠤᠷᠭᠠᠭᠤᠯᠢ ᠶᠢᠨ ᠲᠡᠭᠦᠰᠦᠭᠰᠡᠳ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠦᠭᠬᠦ ᠵᠢᠤ ᠶᠤᠸᠠᠨ ᠲᠤᠰᠬᠠᠶ ᠲᠣᠭᠤᠷᠢᠭ ᠭᠠᠷᠭᠠᠵᠤ᠂ ᠪᠤᠭᠤᠲᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠤᠶᠢᠵᠢᠭᠤᠯᠬᠤ᠂ ᠦᠯᠡᠳᠡᠭᠡᠬᠦ᠂ ᠬᠡᠷᠡᠭᠯᠡᠬᠦ 5 ᠶᠡᠭᠡ ᠲᠥᠷᠥᠯ ᠤᠨ 50 ᠵᠦᠢᠯ ᠤᠨ ᠴᠢᠳᠠᠪᠤᠷᠢᠲᠠᠨ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ᠂ ᠲᠤᠬᠠᠶ ᠶᠢᠨ ᠲᠠᠯᠠᠪᠠᠶ ᠳᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ 1000 ᠭᠠᠷᠤᠶ ᠬᠤᠪᠢ ᠲᠠᠷᠬᠠᠭᠠᠵᠤ᠂ ᠶᠡᠭᠡ ᠰᠤᠷᠭᠠᠭᠤᠯᠢ ᠶᠢᠨ ᠲᠡᠭᠦᠰᠦᠭᠰᠡᠳ ᠢ《  ᠵᠢᠤ ᠶᠤᠸᠠᠨ ᠠᠴᠠ ᠰᠢᠭᠤᠳᠤᠷᠢᠬᠤ  》ᠵᠢᠵᠢᠭ ᠫᠷᠤᠭ᠍ᠷᠡᠮ ᠪᠠ《  ᠠᠵᠢᠯ ᠣᠯᠭᠤᠬᠤ ᠪᠤᠭᠤᠲᠤ  》《 ᠠᠵᠢᠯ ᠣᠯᠭᠤᠬᠤ ᠵᠢᠤᠶᠤᠸᠠᠨ 》ᠣᠯᠠᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠬᠠᠨᠳᠤᠭᠤᠯᠬᠤ ᠶᠢ ᠬᠥᠲᠥᠯᠥᠨ ᠵᠢᠯᠣᠭᠤᠳᠴᠤ᠂ ᠲᠡᠭᠦᠰᠦᠭᠰᠡᠳ ᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠨᠠᠷᠢᠯᠢᠭ ᠣᠨᠣᠪᠴᠢᠲᠠᠶ ᠦᠢᠯᠡᠴᠢᠯᠡᠭᠡ ᠬᠠᠩᠭᠠᠪᠠ᠃  ᠤᠳᠤ ᠪᠣᠯᠲᠠᠯ᠎ᠠ᠂ ᠰᠤᠷᠤᠭᠴᠢᠳ ᠤᠨ ᠬᠦᠷᠭᠡᠭᠰᠡᠨ ᠲᠣᠪᠴᠢ ᠨᠠᠮᠲᠠᠷ ᠢ ᠨᠢᠭᠡᠨᠲᠡ 90 ᠬᠤᠪᠢ ᠬᠦᠯᠢᠶᠡᠨ ᠠᠪᠤᠪᠠ᠃    ᠲᠠᠷᠠᠭᠠᠴᠢ ᠪᠠᠷ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠠᠳᠠᠭᠠᠳᠤ ᠳᠤ ᠭᠠᠷᠴᠤ ᠴᠢᠳᠠᠪᠤᠷᠢᠲᠠᠨ ᠡᠯᠰᠡᠬᠦ ᠪᠠ ᠣᠶᠤᠨ ᠢ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠰᠢᠯᠢᠳᠡᠭ ᠠᠵᠢᠯ ᠤᠨ ᠪᠠᠶᠢᠷᠢ ᠶᠢ ᠳᠠᠭᠠᠭᠤᠯᠤᠨ ᠰᠤᠷᠭᠠᠭᠤᠯᠢ ᠶᠢᠨ ᠬᠦᠷᠢᠶᠡᠨ ᠳᠤ ᠤᠷᠤᠵᠤ ᠠᠵᠢᠯᠳᠠᠨ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠡᠭᠦᠰᠬᠦ ᠰᠤᠷᠤᠭᠴᠢᠳ ᠤᠨ ᠪᠤᠭᠤᠲᠤ ᠳᠤ ᠢᠷᠡᠵᠦ ᠠᠵᠢᠯ ᠤᠯᠬᠤ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ᠬᠥᠮᠦᠨ ᠬᠡᠷᠡᠭᠯᠡᠬᠦ ᠨᠢᠭᠡᠴᠡ ᠪᠣᠯᠤᠨ ᠲᠡᠭᠦᠰᠬᠦ ᠰᠤᠷᠤᠭᠴᠢᠳ ᠲᠤ ᠬᠠᠩᠭᠠᠯᠭ᠎ᠠ ᠬᠡᠷᠡᠭᠴᠡᠭᠡᠨ ᠤ ᠬᠥᠭᠦᠷᠭᠡ ᠪᠠᠶᠢᠭᠤᠯᠤᠨ ᠥᠭᠴᠦ᠂ ᠣᠳᠣᠬᠢᠴᠢᠯᠠᠭᠰᠠᠨ ᠲᠥᠪ ᠬᠤᠲᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠬᠦᠴᠦᠲᠡᠶ ᠴᠢᠳᠠᠪᠤᠷᠢᠲᠠᠨ ᠤ ᠲᠤᠯᠭᠠᠭᠤᠷᠢᠯᠠᠯ ᠢ ᠲᠠᠰᠤᠷᠠᠯᠲᠠ ᠥᠬᠡᠶ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号