| | ᠤᠳᠠ ᠨᠣᠭᠤᠭᠠᠷᠠᠵᠤ ᠬᠠᠪᠤᠷ ᠤᠶᠠᠩᠭ᠎ᠠ ᠪᠢᠯᠬᠠᠵᠤ᠂ ᠬᠥᠮᠦᠨ ᠠᠵᠢᠯᠴᠢ ᠬᠠᠪᠤᠷ ᠡᠷᠲᠡ ᠶᠢᠨ ᠠᠵᠢᠯ ᠢᠶᠠᠨ | ᠰᠡᠷᠭᠦᠭᠡᠨ᠎ᠡ᠃ ᠣᠶᠢᠷ᠎ᠠ ᠳᠤ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠭᠤᠷᠪᠠᠨ ᠤᠮᠠᠷᠠᠲᠤ ᠶᠢᠨ | ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ | ᠲᠥᠷᠥᠯ ᠵᠦᠢᠯ ( ᠳᠤᠮᠳᠠ ᠨᠢᠯᠬ᠎ᠠ ᠣᠶ ᠶᠢ ᠠᠷᠠᠴᠢᠯᠠᠨ ᠪᠤᠶᠢᠵᠢᠭᠤᠯᠬᠤ ) ᠤᠨ ᠠᠵᠢᠯ ᠢᠶᠠᠨ ᠰᠡᠷᠭᠦᠭᠡᠬᠦ ᠬᠠᠯᠠᠭᠤᠨ | ᠥᠷᠨᠢᠯᠲᠡ ᠶᠢ ᠤᠭᠲᠤᠵᠤ᠂ ᠤᠯᠤᠰ ᠤᠨ《 ᠭᠤᠷᠪᠠᠨ ᠤᠮᠠᠷᠠᠲᠤ 》 ᠶᠢᠨ ᠬᠠᠯᠬᠠᠪᠴᠢ ᠣᠶ ᠶᠢᠨ ᠰᠢᠰᠲ᠋ᠧᠮ ᠤᠨ | ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ ᠢ ᠤᠷᠤᠭᠰᠢᠲᠠᠶ ᠠᠬᠢᠭᠤᠯᠤᠭᠰᠠᠨ ᠨᠢ᠂ ᠵᠢᠦ ᠶᠤᠸᠠᠨ | ᠲᠣᠭᠤᠷᠢᠭ ᠤᠨ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠣᠷᠣᠨ ᠪᠦᠰᠡ ᠶᠢᠨ ᠠᠮᠢ | ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ | ᠬᠠᠮᠲᠤ ᠣᠷᠣᠰᠢᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠢᠤ ᠶᠤᠸᠠᠨ ᠲᠤᠭᠤᠷᠢᠭ ᠤᠨ ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ | ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ( ᠳᠤᠮᠳᠠ ᠨᠢᠯᠬ᠎ᠠ ᠣᠶ ᠶᠢ | ᠠᠷᠠᠴᠢᠯᠠᠨ ᠪᠤᠶᠢᠵᠢᠭᠤᠯᠬᠤ ) ᠤᠨ ᠶᠡᠷᠦᠩᠬᠡᠶ ᠪᠠᠯᠠ ᠣᠷᠣᠭᠤᠯᠤᠯᠲᠠ ᠨᠢ 7 ᠲᠦᠮᠡᠨ ᠲᠥᠭᠦᠷᠢᠭ ᠪᠣᠯᠤᠨ᠎ᠠ᠃ | ᠠᠰᠠᠷᠠᠨ ᠪᠤᠶᠢᠵᠢᠭᠤᠯᠬᠤ ᠶᠡᠷᠦᠩᠬᠡᠶ ᠲᠠᠯᠠᠪᠠᠶ ᠨᠢ 2000 ᠮᠦ ᠪᠠᠶᠢᠵᠤ᠂ ᠠᠰᠠᠷᠠᠨ ᠪᠤᠶᠢᠵᠢᠭᠤᠯᠬᠤ ᠠᠷᠭ᠎ᠠ | ᠮᠠᠶ᠋ᠢᠭ ᠲᠤ ᠰᠠᠯᠠᠭ᠎ᠠ ᠨᠠᠮᠠᠭ᠎ᠠ ᠶᠢ ᠨᠢ ᠵᠠᠰᠠᠬᠤ᠂ ᠬᠥᠷᠥᠰᠥ ᠶᠢ ᠨᠢ ᠰᠤᠯᠠᠷᠠᠭᠤᠯᠵᠤ ᠨᠦᠬᠡ ᠶᠢ ᠨᠢ ᠥᠷᠭᠡᠳᠬᠡᠬᠦ᠂ | ᠬᠤᠪᠠᠭ᠋ᠠᠶ ᠮᠣᠳᠣ ᠶᠢ ᠴᠡᠪᠡᠷᠯᠡᠬᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠢ ᠪᠠᠭᠲᠠᠨ᠎ᠠ᠃ | ᠵᠢᠦ ᠶᠤᠸᠠᠨ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠷᠢᠳᠴᠢᠯᠠᠨ | ᠲᠥᠰᠦᠪᠯᠡᠬᠦ ᠪᠠᠷ ᠳᠡᠮᠵᠢᠨ᠂ ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ ᠡᠯ᠎ᠡ ᠵᠦᠢᠯ ᠤᠨ ᠪᠡᠯᠡᠳᠬᠡᠯ ᠠᠵᠢᠯ ᠢ | ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠣᠳᠣᠬᠠᠨ ᠳᠤ᠂ ᠲᠥᠷᠥᠯ ᠵᠦᠢᠯ ᠨᠢ ᠨᠢᠭᠡᠨᠲᠡ ᠪᠥᠬᠦ ᠲᠠᠯ᠎ᠠ ᠪᠠᠷ | ᠠᠵᠢᠯ ᠢᠶᠠᠨ ᠰᠡᠷᠭᠦᠭᠡᠵᠦ᠂ ᠠᠵᠢᠯᠯᠠᠭ᠎ᠠ ᠶᠢᠨ ᠲᠠᠯᠠᠪᠠᠢ ᠳᠤ ᠮᠠᠰᠢ ᠶᠠᠭᠠᠷᠠᠯᠲᠠᠶ᠃ ᠳᠤᠮᠳᠠ ᠨᠢᠯᠬ᠎ᠠ ᠤᠢ ᠶᠢᠨ | ᠠᠷᠠᠴᠢᠯᠠᠨ ᠪᠤᠶᠢᠵᠢᠭᠤᠯᠬᠤ ᠠᠵᠢᠯ ᠤᠨ ᠲᠣᠭᠤᠷᠢᠭ ᠲᠤ ᠠᠵᠢᠯᠲᠠᠳ ᠶᠠᠭ ᠮᠡᠷᠭᠡᠵᠢᠯ ᠤᠨ ᠱᠠᠭᠠᠷᠳᠠᠯᠭ᠎ᠠ ᠶᠣᠰᠣᠭᠠᠷ | ᠤᠢ ᠮᠣᠳᠣᠨ ᠳᠤ ᠰᠠᠯᠠᠭ᠎ᠠ ᠨᠠᠮᠠᠭ᠎ᠠ ᠵᠠᠰᠠᠬᠤ᠂ ᠬᠤᠪᠠᠭ᠋ᠠᠶᠢᠷᠠᠭᠰᠠᠨ ᠮᠣᠳᠣ ᠶᠢ ᠴᠡᠪᠡᠷᠯᠡᠬᠦ᠂ ᠪᠤᠷᠳᠤᠭᠤᠷ ᠣᠷᠣᠭᠤᠯᠬᠤ | ᠵᠡᠷᠭᠡ ᠠᠷᠠᠴᠢᠯᠠᠨ ᠪᠤᠶᠢᠵᠢᠭᠤᠯᠬᠤ ᠠᠵᠢᠯ ᠢ ᠬᠢᠵᠦ᠂ ᠤᠢ ᠮᠣᠳᠣᠨ ᠤ ᠡᠷᠡᠭᠦᠯ ᠢᠶᠠᠷ ᠦᠰᠦᠨ ᠪᠤᠶᠢᠵᠢᠬᠤ ᠶᠢ | ᠠᠬᠢᠭᠤᠯᠵᠤ ᠪᠠᠶᠢᠨ᠎ᠠ᠃ ᠣᠲᠣ ᠪᠣᠯᠲᠠᠯ᠎ᠠ᠂ 1.8 ᠲᠦᠮᠡᠨ ᠮᠥ ᠳᠤᠮᠳᠠ ᠨᠢᠯᠬ᠎ᠠ ᠣᠶ ᠶᠢ ᠠᠷᠠᠴᠢᠯᠠᠨ ᠪᠤᠶᠢᠵᠢᠭᠤᠯᠵᠤ᠂ | ᠲᠥᠷᠥᠯ ᠵᠦᠢᠯ ᠤᠨ ᠳᠣᠲᠣᠷᠠᠬᠢ ᠡᠯ᠎ᠡ ᠵᠦᠢᠯ ᠤᠨ ᠡᠭᠦᠷᠭᠡ ᠶᠠᠭ ᠲᠥᠯᠥᠪᠯᠡᠭᠡ ᠶᠣᠰᠣᠭᠠᠷ ᠲᠣᠭᠲᠠᠭᠤᠨ ᠢᠶᠠᠷ | ᠠᠭᠢᠵᠤ ᠪᠠᠶᠢᠨ᠎ᠠ᠃ | ᠵᠢᠤ ᠶᠤᠸᠠᠨ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠰ ᠤᠳᠠᠭᠠᠨ ᠤ | ᠠᠵᠢᠯ ᠢᠶᠠᠨ ᠰᠡᠷᠭᠦᠭᠡᠬᠦ ᠪᠠᠷ ᠠᠵᠠ ᠲᠣᠬᠢᠶᠠᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠲᠥᠷᠥᠯ ᠵᠦᠢᠯ ᠤᠨ ᠬᠠᠮᠢᠶᠠᠷᠤᠯᠲᠠ | ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ | ᠪᠠ ᠠᠬᠢᠴᠠ ᠶᠢ ᠦᠨᠡᠨ ᠬᠦ ᠪᠠᠲᠤᠯᠠᠨ᠎ᠠ᠃ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠵᠢᠤ ᠶᠤᠸᠠᠨ᠂ ᠠᠮᠢ ᠠᠬᠤᠶ ᠶᠢᠨ ᠪᠤᠭᠤᠲᠤ ᠶᠢ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | | | | | | |