ᠵᠢᠦ ᠶᠤᠸᠠᠨ ᠲᠣᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ《 ᠤᠰᠤ ᠠᠷᠪᠢᠯᠠᠵᠤ ᠤᠰᠤ ᠶᠢ ᠬᠠᠮᠠᠭᠠᠯᠠᠬᠤ ᠬᠤᠰᠢᠭᠤᠴᠢ ᠪᠣᠯᠬᠤ 》ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2025/3/26
    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂《 ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ 》ᠤᠰᠤ ᠵᠠᠰᠠᠬᠤ ᠰᠡᠳᠬᠢᠴᠡ ᠶᠢ ᠦᠢᠯᠡᠳᠦᠯᠭᠡᠵᠢᠭᠦᠯᠵᠦ᠂ ᠭᠤᠴᠢᠨ ᠭᠤᠷᠪᠠᠳᠤᠭᠠᠷ ᠬᠤᠭᠤᠴᠠᠭᠠᠨ ᠤ《 ᠳᠡᠯᠡᠬᠡᠢ ᠶᠢᠨ ᠤᠰᠤᠨ ᠤ ᠡᠳᠦᠷ 》ᠪᠣᠯᠤᠨ ᠭᠤᠴᠢᠨ ᠨᠠᠢᠮᠠᠳᠤᠭᠠᠷ ᠬᠤᠭᠤᠴᠠᠭᠠᠨ ᠤ《 ᠳᠤᠮᠳᠠᠳᠤ ᠤᠯᠤᠰ ᠤᠨ ᠤᠰᠤᠨ ᠤ ᠭᠠᠷᠠᠭ 》 ᠢ ᠳᠤᠷᠠᠰᠬᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ 3 ᠰᠠᠷ᠎ᠠ ᠶᠢᠨ 25  ᠤ ᠡᠳᠦᠷ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠪᠤᠭᠤᠲᠤ ᠬᠤᠳᠠ ᠱᠸᠤ ᠴᠤᠸᠠᠩ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ ᠳᠤ ᠬᠦᠷᠴᠦ᠂《 ᠤᠰᠤ ᠠᠷᠪᠢᠯᠠᠵᠤ ᠤᠰᠤ ᠶᠢ ᠬᠠᠮᠠᠭᠠᠯᠠᠬᠤ ᠬᠤᠰᠢᠭᠤᠴᠢ ᠪᠣᠯᠭᠠᠬᠤ 》ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠡᠪᠴᠢᠮᠡᠯ ᠮᠠᠶ᠋ᠢᠭ ᠤᠨ ᠦᠢᠯᠡᠳᠦᠯᠭᠡ ᠶᠢᠨ ᠵᠢᠭᠠᠨ ᠰᠤᠷᠭᠠᠯᠲᠠ ᠪᠠᠷ ᠳᠠᠮᠵᠢᠨ᠂ ᠨᠠᠮ ᠤᠨ ᠭᠡᠰᠢᠭᠦᠨ ᠤ ᠤᠰᠤ ᠠᠷᠪᠢᠯᠠᠬᠤ ᠤᠬᠠᠮᠰᠠᠷ ᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃   
11.jpg
    ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠲᠦᠭᠡᠭᠡᠯ ᠤᠰᠤᠨ ᠤ ᠦᠢᠯᠡᠳᠪᠦᠷᠢᠯᠡᠯ ᠤᠨ ᠲᠠᠰᠤᠭ ᠲᠤ ᠣᠷᠣᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠤᠤᠷ᠎ᠠ᠂ ᠲᠦᠭᠦᠬᠡᠶ ᠤᠰᠤ ᠶᠢ ᠤᠷᠢᠳᠴᠢᠯᠠᠨ ᠰᠢᠢᠳᠪᠦᠷᠢᠯᠡᠬᠦ᠂  ᠤᠩᠭᠠᠷᠢᠯ ᠢᠶᠠᠷ ᠲᠤᠩᠭᠠᠬᠤ᠂ ᠰᠢᠭᠦᠵᠦ ᠠᠷᠢᠭᠤᠳᠬᠠᠬᠤ ᠠᠴᠠ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠬᠦᠷᠲᠡᠯᠡᠬᠢ ᠪᠥᠬᠦ ᠶᠠᠪᠤᠴᠠ ᠶᠢᠨ ᠤᠷ᠎ᠠ ᠮᠡᠷᠭᠡᠵᠢᠯ ᠢ ᠰᠢᠰᠲ᠋ᠧᠮ ᠲᠠᠢ ᠣᠶᠢᠯᠠᠭᠠᠪᠠ᠃ ᠣᠳᠣᠬᠢᠴᠢᠯᠠᠭᠰᠠᠨ ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠣᠳᠠᠲᠠᠶ ᠭᠠᠵᠠᠷ ᠲᠤᠨᠢ ᠠᠵᠢᠭᠯᠠᠬᠤ ᠪᠠᠷ ᠳᠡᠮᠵᠢᠨ᠂ ᠨᠠᠮ ᠤᠨ ᠭᠡᠰᠢᠭᠦᠳ《 ᠡᠬᠢ ᠡᠭᠦᠰᠦᠯ ᠠᠴᠠ ᠨᠢ ᠲᠣᠯᠣᠭᠠᠶᠢᠯᠠᠬᠤ 》ᠤᠰᠤᠨ ᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠰᠢᠭᠤᠳ ᠣᠶᠢᠯᠠᠭᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠴᠡᠪᠡᠷᠰᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠪᠠ᠃ ᠤᠶᠤᠨᠲᠤ ᠤᠰᠤᠨ ᠤ ᠶᠠᠪᠤᠳᠠᠯ ᠤᠨ ᠲᠣᠬᠢᠷᠠᠭᠤᠯᠬᠤ ᠲᠥᠪ ᠲᠤ᠂ ᠮᠡᠷᠭᠡᠵᠢᠯ ᠤᠨ ᠠᠵᠢᠯᠲᠠᠨ ᠲᠤᠬᠠᠶ ᠶᠢᠨ ᠲᠠᠯᠠᠪᠠᠶ ᠳᠤ ᠤᠰᠤ ᠬᠠᠩᠭᠠᠬᠤ ᠰᠢᠰᠲ᠋ᠧᠮ ᠤᠨ ᠤᠶᠤᠨᠲᠤ ᠬᠢᠨᠠᠨ ᠡᠵᠡᠮᠳᠡᠬᠦ ᠲᠠᠪᠴᠠᠩ ᠢ ᠦᠵᠡᠭᠦᠯᠵᠦ᠂ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠦᠵᠡᠭᠦᠯᠦᠨ ᠳᠡᠯᠭᠡᠨ ᠦᠵᠡᠭᠦᠯᠬᠦ ᠪᠠᠷ ᠳᠡᠮᠵᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠤᠰᠤᠨ ᠤ ᠡᠬᠢ ᠪᠠᠶᠠᠯᠢᠭ ᠢ ᠨᠠᠷᠢᠯᠢᠭᠵᠢᠭᠤᠯᠤᠨ ᠬᠠᠮᠢᠶᠠᠷᠬᠤ ᠦᠢᠯᠡᠳᠦᠯᠭᠡ ᠶᠢᠨ ᠠᠷᠭ᠎ᠠ ᠵᠠᠮ ᠢ ᠠᠮᠢᠳᠤᠯᠢᠭ ᠢᠶᠠᠷ ᠲᠠᠶᠢᠯᠪᠤᠷᠢᠯᠠᠪᠠ᠃ ᠲᠠᠷᠠᠭ᠎ᠠ ᠨᠢ᠂ ᠮᠡᠷᠭᠡᠵᠢᠯᠲᠡᠨ ᠪᠠᠰᠠ ᠪᠤᠭᠤᠲᠤ ᠬᠤᠳᠠ ᠶᠢᠨ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ᠂ ᠲᠠᠷᠢᠶᠠᠯᠠᠩ ᠤᠨ ᠤᠰᠤᠯᠠᠯᠲᠠ ᠶᠢ ᠰᠢᠯᠢᠳᠡᠭᠵᠢᠭᠦᠯᠬᠦ᠂ ᠠᠮᠢᠳᠤᠷᠠᠯ ᠤᠨ ᠤᠰᠤ ᠠᠷᠪᠢᠯᠠᠬᠤ ᠠᠷᠭ᠎ᠠ ᠳᠡᠮ ᠵᠡᠷᠭᠡ ᠪᠣᠳᠠᠲᠤ ᠬᠡᠷᠡᠭᠯᠡᠭᠡᠨ ᠤ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠮᠠᠯ ᠠᠵᠤ ᠠᠬᠤᠢ ᠳᠤ ᠬᠡᠷᠬᠢᠨ ᠤᠰᠤ ᠠᠷᠪᠢᠯᠠᠬᠤ ᠲᠤᠬᠠᠢ ᠪᠣᠳᠣᠯᠬᠢᠯᠠᠭᠤᠯᠪᠠ᠃ ᠬᠠᠮᠤᠭ ᠤᠨ ᠰᠡᠭᠦᠯ ᠳᠤ᠂ ᠨᠠᠮ ᠤᠨ ᠭᠡᠰᠢᠭᠦᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠶᠢᠨ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠯᠲᠡ᠂ ᠵᠢᠭᠠᠰᠤᠨ ᠠᠵᠤ ᠠᠬᠤᠶ ᠶᠢᠨ ᠠᠮᠢ ᠠᠬᠤᠶ ᠶᠢᠨ ᠣᠷᠴᠢᠯ ᠤᠨ ᠵᠠᠭᠪᠤᠷ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠠᠬᠤᠶ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠶ ᠪᠠᠶᠢᠯ᠎ᠠ᠃    ᠲᠤᠰ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯ ᠵᠢᠤ ᠶᠤᠸᠠᠨ ᠲᠤᠭᠤᠷᠢᠭ ᠤᠨ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ᠂《  ᠭᠠᠷᠴᠤ ᠶᠠᠪᠤᠬᠤ᠂ ᠲᠡᠷᠢᠭᠦᠨ ᠤ ᠬᠢ ᠠᠴᠠ ᠰᠤᠷᠤᠯᠴᠠᠬᠤ᠂ ᠳᠡᠭᠡᠭᠰᠢᠯᠡᠯᠲᠡ ᠶᠢ ᠠᠬᠢᠭᠤᠯᠬᠤ  》ᠠᠷᠭ᠎ᠠ ᠬᠡᠯᠪᠡᠷᠢ ᠪᠠᠷ ᠨᠠᠮ ᠤᠨ ᠭᠡᠰᠢᠭᠦᠨ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠪᠡ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠪᠣᠯᠤᠨ ᠦᠢᠯᠡᠳᠦᠯᠭᠡ ᠶᠢᠨ ᠣᠶᠢᠯᠠᠭᠠᠯᠲᠠ ᠶᠢ ᠭᠦᠨᠵᠡᠭᠡᠢ ᠠᠭᠤᠰᠤᠯᠴᠠᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠭᠰᠠᠨ ᠢᠶᠠᠷ ᠪᠠᠷᠠᠬᠤ ᠦᠭᠡᠢ ᠪᠠᠰᠠ ᠬᠡᠷᠡᠭᠵᠢᠭᠦᠯᠵᠦ ᠪᠣᠯᠬᠤ ᠤᠰᠤ ᠠᠷᠪᠢᠯᠠᠬᠤ ᠠᠷᠭ᠎ᠠ ᠶᠢ ᠡᠵᠡᠮᠰᠢᠵᠡᠢ᠂ ᠳᠠᠷᠠᠭᠠᠴᠢ ᠪᠠᠷ᠂ ᠤᠯᠠᠨ ᠢᠶᠠᠷ ᠢᠶᠠᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠵᠡᠷᠭᠡ ᠠᠵᠢᠯ ᠤᠨ ᠳᠤᠮᠳᠠ ᠤᠰᠤ ᠠᠷᠪᠢᠯᠠᠬᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠨᠡᠩ ᠤᠯᠠᠨ ᠤᠯᠠᠨ ᠲᠦᠮᠡᠨ ᠢ ᠲᠠᠶᠢᠴᠢᠯᠠᠨ ᠤᠰᠤ ᠠᠷᠪᠢᠯᠠᠵᠤ ᠤᠰᠤ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠦᠵᠡᠰᠬᠦᠯᠡᠩᠲᠦ ᠰᠠᠶᠢᠬᠠᠨ ᠵᠢᠷᠤᠭ ᠢ ᠬᠠᠮᠲᠤ ᠪᠠᠷ ᠵᠢᠷᠤᠭᠯᠠᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号