3 ᠰᠠᠷ᠎ᠠ ᠶᠢᠨ 21 ᠤ ᠡᠳᠦᠷ᠂ ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ( ᠥᠷᠭᠡᠳᠬᠡᠭᠰᠡᠨ ) ᠶᠢᠨ ᠬᠤᠷᠠᠯᠳᠤᠵᠤ᠂ | ᠰᠤᠷᠤᠯᠴᠠᠯᠭ᠎ᠠ ᠶᠢᠨ ᠬᠤᠷᠠᠯ ᠨᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ | ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ | ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ | | | | ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠪᠣᠯᠤᠨ | ᠬᠡᠰᠡᠭ ᠰᠠᠯᠠᠭᠠᠨ ᠲᠡᠰ ᠤᠨ ᠤᠳᠤᠷᠢᠳᠬᠤ ᠺᠠᠳ᠋ᠷ ᠬᠤᠷᠠᠯ ᠳᠤ ᠣᠷᠣᠯᠴᠠᠵᠠᠢ᠃ | ᠰᠤᠷᠤᠯᠴᠠᠯᠭ᠎ᠠ ᠶᠢᠨ ᠬᠤᠷᠠᠯ ᠠᠴᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠭᠡᠳᠦ | ᠵᠡᠷᠭᠡ ᠶᠢᠨ ᠢᠲᠡᠭᠡᠮᠵᠢ ᠶᠢᠨ ᠬᠠᠮᠢᠶᠠᠷᠤᠭᠴᠢ᠂ ᠢᠲᠡᠭᠡᠮᠵᠢ ᠶᠢᠨ ᠬᠠᠮᠢᠶᠠᠷᠤᠭᠴᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠰᠢᠯᠭᠠᠷᠠᠭᠤᠯᠤᠭᠴᠢ ᠳ᠋ᠦᠩ ᠰᠢᠨ ᠢ《 ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠦᠨᠡᠨᠴᠢ ᠢᠲᠡᠭᠡᠮᠵᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠶ᠎ᠡ 》ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠳ᠋ᠦᠩ ᠰᠢᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠣᠶᠢᠯᠠᠭᠠᠯᠲᠠ᠂ ᠪᠤᠭᠤᠲᠤ ᠬᠤᠲᠠ ᠶᠢᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠣᠳᠣᠬᠢ ᠪᠠᠶᠢᠳᠠᠯ ᠪᠣᠯᠤᠨ ᠪᠤᠭᠤᠲᠤ ᠬᠤᠲᠠ ᠶᠢᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠢᠷᠡᠭᠡᠳᠦᠶ ᠶᠢᠨ ᠪᠠᠷᠠᠯᠠᠯ ᠵᠡᠷᠭᠡ ᠭᠤᠷᠪᠠᠨ ᠲᠠᠯ᠎ᠠ ᠪᠠᠷ ᠭᠦᠨᠵᠡᠭᠡᠶ | ᠪᠥᠭᠡᠳ ᠣᠶᠢᠯᠠᠭᠠᠮᠵᠢᠲᠠᠶ᠂ ᠨᠠᠷᠢᠨ ᠪᠣᠳᠠᠲᠠᠶ ᠪᠥᠭᠡᠳ ᠠᠮᠢᠳᠤᠯᠢᠭ ᠭᠤᠶᠢᠳᠠ ᠰᠠᠶᠢᠬᠠᠨ ᠲᠣᠳᠣᠷᠬᠠᠶᠢᠯᠠᠨ ᠥᠭᠦᠯᠡᠵᠦ᠂ | ᠦᠵᠡᠯᠲᠡ ᠨᠢ ᠢᠯᠡ ᠲᠣᠳᠣ᠂ ᠬᠠᠷᠠᠭ᠎ᠠ ᠨᠢ ᠥᠷᠭᠡᠨ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ | ᠵᠢᠯᠣᠭᠤᠳᠬᠤ ᠴᠢᠨᠠᠷ᠂ ᠦᠢᠯᠡᠳᠦᠯᠭᠡᠲᠦ ᠴᠢᠨᠠᠷ ᠲᠠᠢ ᠪᠠᠶᠢᠵᠤ᠂ ᠮᠠᠨ ᠤ ᠲᠤᠭᠤᠷᠢᠭ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ | ᠪᠠᠶᠢᠭᠤᠯᠬᠤ ᠳᠤ ᠮᠠᠰᠢ ᠴᠢᠩᠭ᠎ᠠ ᠵᠢᠯᠣᠭᠤᠳᠬᠤ ᠦᠢᠯᠡᠳᠦᠯ ᠲᠠᠢ ᠶᠤᠮ᠃ | ᠬᠤᠷᠠᠯ ᠳᠤ ᠣᠷᠣᠯᠴᠠᠭᠰᠠᠳ᠂ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠵᠢᠯ ᠳᠠᠭᠠᠨ ᠠᠭᠤᠰᠤᠯᠴᠠᠭᠤᠯᠵᠤ᠂ ᠡᠳᠦᠷ ᠲᠤᠳᠤᠮ ᠳᠠᠭᠠᠨ | ᠠᠭᠤᠰᠤᠯᠴᠠᠭᠤᠯᠵᠤ ᠂ ᠣᠨᠣᠯ ᠪᠠ ᠪᠣᠳᠠᠲᠠᠶ ᠶᠢ ᠤᠶᠠᠯᠳᠤᠭᠤᠯᠬᠤ ᠶᠢ ᠪᠡᠶᠡᠯᠡᠭᠦᠯᠵᠦ᠂ ᠰᠤᠷᠤᠯᠴᠠᠯᠭ᠎ᠠ᠂ | ᠪᠣᠯᠪᠠᠰᠤᠷᠠᠯ ᠤᠨ ᠦᠷ᠎ᠡ ᠪᠦᠲᠦᠭᠡᠯ ᠢ ᠦᠨᠡᠨ ᠬᠦ ᠠᠵᠢᠯ ᠥᠷᠨᠢᠭᠦᠯᠬᠦ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ | ᠪᠣᠯᠭᠠᠨ ᠬᠤᠪᠢᠷᠠᠭᠤᠯᠵᠤ᠂ ᠨᠠᠩ ᠶᠡᠭᠡ ᠵᠣᠷᠢᠭ᠂ ᠨᠠᠩ ᠴᠢᠩᠭ᠎ᠠ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠥᠷᠨᠢᠬᠦ ᠶᠢ ᠠᠬᠢᠭᠤᠯᠤᠨ᠎ᠠ ᠭᠡᠵᠦ | ᠢᠯᠡᠳᠬᠡᠵᠡᠭᠡᠪᠡ᠃ | | | | | | |