ᠵᠢᠦ ᠶᠤᠸᠠᠨ ᠲᠣᠭᠤᠷᠢᠭ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/3/26
    ᠣᠶᠢᠷ᠎ᠠ ᠳᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠡᠭᠡᠯᠵᠢᠯᠡᠨ ᠨᠡᠪᠲᠡᠷᠡᠭᠦᠯᠬᠦ ᠤᠬᠠᠭᠤᠯᠭ᠎ᠠ ᠶᠢᠨ ᠲᠡᠷᠭᠡ ᠥᠩᠭᠡᠷᠡᠭᠰᠡᠨ ᠬᠡᠳᠦᠨ ᠡᠳᠦᠷ ᠲᠤ ᠬᠤᠲᠠ ᠶᠢᠨ ᠵᠡᠭᠡᠯᠢ ᠭᠤᠳᠤᠮᠵᠢ ᠶᠢᠨ ᠨᠡᠭᠦᠳᠡᠯ《 ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠭᠴᠢ 》ᠪᠣᠯᠤᠭᠰᠠᠨ ᠪᠠᠶᠢᠨ᠎ᠠ᠃ 3 ᠰᠠᠷ᠎ᠠ ᠶᠢᠨ 12  ᠠᠴᠠ 21  ᠤ ᠡᠳᠦᠷ ᠪᠣᠯᠲᠠᠯ᠎ᠠ᠂ ᠵᠢᠤ ᠶᠤᠸᠠᠨ ᠲᠣᠭᠤᠷᠢᠭ ᠤᠨ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃
111.jpg
    ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ᠂ ᠤᠬᠠᠭᠤᠯᠭ᠎ᠠ ᠶᠢᠨ ᠲᠡᠷᠭᠡ ᠨᠢ ᠬᠤᠳᠠ ᠲᠣᠭᠤᠷᠢᠭ ᠤᠨ ᠬᠤᠳᠠᠯᠳᠤᠭᠠᠨ ᠤ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ ᠡᠯ᠎ᠡ ᠰᠤᠮᠤ ᠪᠠᠯᠭᠠᠰᠤ ᠶᠢ ᠬᠠᠮᠤᠷᠴᠤ᠂ ᠲᠥᠯᠥᠪᠯᠡᠭᠡ ᠲᠠᠢ ᠪᠠᠷ ᠬᠥᠳᠡᠯᠦᠩᠭᠦᠢ ᠤᠬᠠᠭᠤᠯᠭ᠎ᠠ ᠬᠢᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠪᠦᠷᠬᠦᠴᠡ ᠶᠢ ᠪᠦᠲᠦᠮᠵᠢᠲᠡᠢ ᠥᠷᠭᠡᠳᠬᠡᠪᠡ᠃ ᠡᠭᠦᠨ ᠤ ᠬᠠᠮᠲᠤ᠂  ᠬᠠᠭᠤᠳᠠᠰᠤ ᠲᠤᠮᠢᠯᠠᠬᠤ ᠤᠬᠠᠭᠤᠯᠭ᠎ᠠ ᠪᠠᠷ ᠳᠠᠮᠵᠢᠭᠤᠯᠤᠨ᠂  ᠭᠡᠷ ᠬᠤᠷᠢᠶᠠᠯᠠᠯ᠂ ᠠᠵᠤ ᠠᠬᠤᠶᠢᠯᠠᠯ ᠵᠢᠴᠢ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢ ᠨᠢᠭᠤᠷᠳᠠᠨ ᠬᠦᠷᠭᠡᠵᠦ᠂  ᠰᠡᠵᠢᠭ ᠢ ᠨᠢ ᠲᠠᠶᠢᠯᠤᠨ᠂ ᠣᠯᠠᠨ ᠲᠦᠮᠡᠨ ᠳᠤ《  ᠲᠣᠳᠣᠷᠬᠠᠶ ᠰᠣᠨᠣᠰᠴᠤ᠂ ᠬᠡᠷᠡᠭᠯᠡᠬᠦ ᠳᠤ ᠰᠠᠨᠠᠭ᠎ᠠ ᠠᠮᠤᠷ  ᠪᠠᠶᠢᠯᠭᠠᠬᠤ 》 ᠪᠤᠯᠤᠯ᠎ᠠ᠃
22.jpg
    ᠤᠬᠠᠭᠤᠯᠭ᠎ᠠ ᠶᠢᠨ ᠠᠭᠤᠯᠭ᠎ᠠ ᠶᠢᠨ ᠲᠠᠯ᠎ᠠ ᠪᠠᠷ᠂ ᠠᠳᠠᠯᠢ ᠪᠤᠰᠤ ᠬᠥᠮᠦᠰ ᠤᠨ ᠬᠡᠷᠡᠭᠴᠡᠭᠡ ᠱᠠᠭᠠᠷᠳᠠᠯᠭ᠎ᠠ ᠳᠤ ᠳᠡᠭᠡᠳᠦ ᠬᠡᠮᠵᠢᠶ᠎ᠡ ᠪᠠᠷ ᠨᠡᠶᠢᠴᠡᠪᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠢ ᠶᠡᠭᠡ ᠬᠡᠮᠵᠢᠶ᠎ᠡ ᠪᠠᠷ ᠲᠠᠷᠬᠠᠭᠠᠪᠠ᠃ ᠲᠡᠳᠡᠨ ᠤ ᠠᠩᠬᠠᠷᠤᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠶᠢᠨ ᠳᠡᠪᠲᠡᠷ ᠤᠨ ᠠᠭᠤᠯᠭ᠎ᠠ ᠲᠠᠢ ᠤᠶᠠᠯᠳᠤᠭᠤᠯᠤᠨ᠂ ᠬᠦᠯᠢᠴᠡᠩᠭᠦᠶ ᠪᠠᠷ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠦᠨᠳᠦᠰᠦᠨ ᠱᠠᠲᠤᠨ ᠳᠤ ᠲᠦᠰᠢᠭᠯᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠨᠠᠩ ᠣᠯᠠᠨ ᠦᠢᠯᠡᠴᠢᠯᠡᠭᠡ ᠶᠢ ᠥᠷᠨᠢᠭᠦᠯᠵᠦ᠂ ᠵᠢᠤ ᠶᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号