ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠬᠤᠲᠠ ᠶᠢᠨ ᠬᠠᠮᠢᠶᠠᠷᠤᠯᠲᠠ ᠶᠢᠨ ᠦᠷ᠎ᠡ  ᠴᠢᠳᠠᠮᠵᠢ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/26
    ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠴᠢᠩᠭᠠᠷᠠᠭᠤᠯᠤᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠢᠳᠡᠪᠬᠢᠲᠡᠶ  ᠭᠦᠢᠴᠡᠳᠬᠡᠵᠦ᠂ 2023 ᠣᠨ ᠠᠴᠠ ᠨᠠᠰᠢ ᠡᠯ᠎ᠡ ᠵᠦᠢᠯ ᠤᠨ ᠪᠠᠯᠠ ᠮᠥᠩᠭᠦ ᠶᠢ ᠨᠡᠶᠢᠲᠡ 8044.84 ᠲᠦᠮᠡᠨ ᠲᠥᠭᠦᠷᠢᠭ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠵᠢᠤ ᠶᠤᠸᠠᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠣᠷᠴᠢᠨ ᠠᠬᠤᠶ ᠶᠢᠨ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠨ ᠠᠵᠢᠯᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠨᠡᠶᠢᠲᠡ ᠶᠢᠨ ᠵᠣᠷᠯᠣᠩ ᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠵᠤ᠂ ᠬᠤᠲᠠ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠬᠤ ᠪᠠ ᠴᠢᠳᠠᠮᠵᠢ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃    ᠨᠢᠭᠡ᠂ ᠡᠳ᠋ ᠤᠨ ᠵᠠᠰᠠᠭ ᠢᠶᠠᠷ ᠲᠤᠯᠭᠠᠭᠤᠷᠢᠯᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷ ᠤᠨ ᠰᠢᠨ᠎ᠡ ᠪᠠᠶᠢᠳᠠᠯ ᠢ ᠨᠡᠭᠡᠭᠡᠨ᠎ᠡ᠃    ᠬᠤᠲᠠ ᠶᠢᠨ ᠬᠡᠪᠴᠢᠶ᠎ᠡ ᠶᠢᠨ ᠲᠠᠰᠤᠷᠠᠯᠲᠠ ᠦᠭᠡᠶ ᠥᠷᠭᠡᠳᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢᠨ ᠡᠳᠦᠷ ᠢᠷᠡᠬᠦᠶ᠎ᠡ ᠳᠡᠭᠡᠭᠰᠢᠯᠡᠬᠦ ᠶᠢ ᠳᠠᠭᠠᠯᠳᠤᠨ᠂ ᠨᠡᠶᠢᠭᠡᠮ ᠠᠴᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠪᠣᠯᠤᠨ ᠬᠤᠲᠠ ᠶᠢᠨ ᠡᠮᠬᠢ ᠳᠢᠭᠯᠢᠮ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠶ ᠴᠤᠤᠷᠢᠶᠠᠲᠤᠨ ᠳᠠᠭᠠᠵᠤ᠂ ᠣᠲᠣ ᠪᠣᠯᠲᠠᠯ᠎ᠠ᠂ ᠨᠢᠭᠡᠨᠲᠡ ᠨᠡᠶᠢᠲᠡ 7247.84 ᠲᠦᠮᠡᠨ ᠲᠥᠭᠦᠷᠢᠭ ᠰᠠᠯᠭᠠᠨ ᠥᠭᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ ᠠᠵᠢᠯ ᠢ ᠪᠥᠬᠦ ᠲᠠᠯ᠎ᠠ ᠪᠠᠷ ᠳᠡᠮᠵᠢᠵᠦ᠂ ᠪᠠᠯᠠ ᠮᠥᠩᠭᠦ ᠳᠤ ᠴᠡᠪᠡᠷᠯᠡᠵᠦ ᠬᠠᠮᠠᠭᠠᠯᠠᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠣᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠬᠤ ᠵᠡᠷᠭᠡ ᠣᠯᠠᠨ ᠭᠤᠭᠴᠤᠭ᠎ᠠ ᠶᠢ ᠬᠠᠮᠤᠷᠴᠤ᠂ ᠥᠨᠳᠥᠷ ᠪᠦᠲᠦᠮᠵᠢᠲᠡᠶ᠂ ᠤᠷᠤᠰᠤᠮ᠎ᠠ ᠰᠠᠶᠢᠬᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠰᠢᠰᠲ᠋ᠧᠮ ᠢ  ᠪᠠᠶᠢᠭᠤᠯᠵᠤ᠂ ᠰᠠᠭᠤᠭᠠᠯᠢ ᠠᠷᠠᠳ ᠲᠤ ᠲᠠᠭᠠᠯᠠᠮᠵᠢᠲᠠᠶ ᠠᠮᠢᠳᠤᠷᠠᠯ ᠤᠨ ᠣᠷᠣᠨ ᠵᠠᠶ ᠶᠢ ᠪᠣᠶ ᠪᠣᠯᠭᠠᠪᠠ᠃    ᠬᠤᠶᠠᠷ᠂ ᠡᠳ᠋ ᠤᠨ ᠵᠠᠰᠠᠭ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠰᠢᠨ᠎ᠡ ᠳᠦᠷᠢ ᠲᠥᠷᠬᠦ ᠶᠢ ᠢᠯᠡᠷᠡᠭᠦᠯᠪᠡ᠃    ᠬᠤᠭ ᠨᠣᠪᠰᠢ ᠶᠢ ᠲᠥᠷᠥᠯ ᠬᠤᠪᠢᠶᠠᠬᠤ ᠪᠣᠯ ᠬᠤᠲᠠ ᠶᠢᠨ ᠦᠷᠭᠦᠯᠵᠢᠯᠡᠬᠦ ᠬᠥᠭᠵᠢᠯᠲᠡ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠢᠦ ᠶᠤᠸᠠᠨ ᠤ ᠡᠳ᠋ ᠤᠨ ᠵᠠᠰᠠᠭ ᠤᠨ ᠲᠣᠪᠴᠢᠶ᠎ᠠ ᠨᠡᠶᠢᠲᠡ 463 ᠲᠦᠮᠡᠨ ᠲᠥᠭᠦᠷᠢᠭ ᠪᠠᠭᠤᠯᠭᠠᠵᠤ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠡᠯᠡᠳᠬᠡᠮᠵᠢ᠂ ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠪᠡᠯᠡᠳᠬᠡᠮᠵᠢ᠂ ᠬᠤᠪᠢᠶᠠᠨ ᠢᠯᠭᠠᠬᠤ ᠲᠥᠪ ᠵᠡᠷᠭᠡ ᠲᠥᠷᠥᠯ ᠵᠦᠢᠯ ᠳᠤ ᠬᠡᠷᠡᠭᠯᠡᠪᠡ᠃  ᠳᠠᠬᠢᠯᠲᠠ ᠡᠬᠢ ᠪᠠᠶᠠᠯᠢᠭ ᠢ ᠵᠣᠬᠢᠰᠲᠠᠢ ᠠᠰᠢᠭᠯᠠᠬᠤ ᠶᠢ ᠪᠦᠲᠦᠮᠵᠢᠲᠡᠢ ᠠᠬᠢᠭᠤᠯᠵᠤ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠮᠡᠳᠡᠭᠳᠡᠮ᠎ᠡ ᠳᠡᠭᠡᠭᠰᠢᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦ ᠨᠡᠮᠡᠷᠢᠯᠡᠪᠡ᠃    ᠭᠤᠷᠪᠠ᠂ ᠡᠳ᠋ ᠤᠨ ᠵᠠᠰᠠᠭ ᠠᠴᠠ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠨᠡᠶᠢᠲᠡ ᠶᠢᠨ ᠵᠣᠷᠯᠣᠩ ᠢ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠤᠨ᠎ᠠ᠃    ᠨᠡᠶᠢᠲᠡ ᠶᠢᠨ ᠵᠣᠷᠯᠣᠩ ᠬᠡᠳᠦᠶᠢᠪᠡᠷ ᠪᠠᠭ᠎ᠠ ᠪᠣᠯᠪᠠᠴᠤ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠲᠠᠢ ᠬᠤᠯᠪᠣᠭᠳᠠᠨ᠎ᠠ᠃ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠨᠠᠷᠢᠨ ᠵᠦᠢᠯᠡᠰ ᠤᠨ ᠬᠦᠷᠢᠶ᠎ᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠲᠡ 334 ᠲᠦᠮᠡᠨ ᠲᠥᠭᠦᠷᠢᠭ ᠰᠠᠯᠭᠠᠨ ᠥᠭᠴᠦ ᠨᠡᠶᠢᠲᠡ ᠶᠢᠨ ᠵᠣᠷᠯᠣᠩ ᠢ ᠲᠠᠰ ᠳᠡᠪᠰᠢᠭᠦᠯᠦᠨ ᠥᠭᠡᠷᠡᠴᠢᠯᠡᠬᠦ ᠳᠤ ᠬᠡᠷᠡᠭᠯᠡᠭᠦᠯᠵᠦ᠂ ᠬᠠᠭᠤᠷᠠᠶ ᠵᠣᠷᠯᠣᠩ ᠢ ᠤᠰᠤ ᠪᠠᠷ ᠴᠡᠪᠡᠷᠯᠡᠬᠦ ᠵᠣᠷᠯᠣᠩ ᠪᠠ ᠤᠭᠰᠠᠷᠠᠮᠠᠯ ᠮᠠᠶ᠋ᠢᠭ ᠤᠨ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠨᠡᠶᠢᠲᠡ ᠶᠢᠨ ᠵᠣᠷᠯᠣᠩ ᠤᠨ ᠠᠮᠤᠷ ᠲᠦᠪᠰᠢᠨ ᠤ ᠬᠡᠮ ᠰᠣᠭᠤᠭ ᠢ ᠰᠢᠢᠳᠪᠦᠷᠢᠯᠡᠬᠦ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ᠂ ᠠᠮᠤᠷ ᠲᠦᠪᠰᠢᠨ᠂ ᠠᠷᠢᠭᠤᠨ ᠴᠡᠪᠡᠷ ᠵᠣᠷᠯᠣᠩ ᠬᠡᠷᠡᠭᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠠᠮᠢᠳᠤᠷᠠᠯ ᠳᠤ ᠦᠢᠯᠡᠴᠢᠯᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号