ᠬᠤᠷᠤᠭᠤᠨ ᠤ ᠦᠵᠦᠭᠦᠷ ᠢᠶᠠᠷ ᠬᠦᠰᠡᠯ ᠵᠡᠭᠦᠳᠦ ᠵᠤᠬᠢᠶᠠᠨ᠂ ᠬᠠᠪᠤᠷ ᠤᠨ ᠳᠠᠯᠠᠢ ᠶᠢᠨ ᠢᠷᠣᠭᠠᠷ ᠤᠨ ᠴᠡᠴᠡᠷᠯᠢᠭ ᠲᠠᠢ ᠤᠴᠠᠷᠠᠪᠠ
ᠨᠡᠶᠢᠲᠡᠯᠡᠭᠰᠡᠨ ᠴᠠᠭ᠄
2025/3/27
    ᠬᠠᠪᠤᠷ ᠤᠨ ᠠᠭᠤᠷ ᠠᠭᠠᠵᠢᠮ ᠢᠶᠠᠷ ᠦᠳᠬᠡᠷᠡᠵᠦ᠂ ᠲᠦᠮᠡᠨ ᠪᠣᠳᠠᠰ ᠠᠮᠢᠯᠠᠨ ᠰᠡᠷᠭᠦᠵᠦ᠂ 3 ᠰᠠᠷ᠎ᠠ ᠶᠢᠨ 23  ᠤ ᠤᠷᠤᠢ᠂ ᠺᠠᠢ ᠶᠤᠸᠠᠨ ᠭᠡᠷ ᠬᠤᠷᠢᠶᠠᠯᠠᠯ ᠴᠢᠩᠽᠢ ᠶᠢᠦ ᠤᠷᠤᠢ ᠶᠢᠨ ᠰᠤᠷᠭᠠᠭᠤᠯᠢ ᠲᠠᠢ ᠬᠠᠮᠲᠤᠷᠠᠨ ᠭᠡᠷ ᠬᠤᠷᠢᠶᠠᠯᠠᠯ ᠤᠨ ᠰᠠᠭᠤᠭᠠᠯᠢ ᠠᠷᠠᠳ ᠲᠤ ᠪᠦᠲᠦᠭᠡᠯᠴᠢ ᠰᠡᠳᠬᠢᠮᠵᠢ ᠪᠠ ᠡᠳᠡᠭᠡᠷᠡᠯᠲᠡ ᠪᠠᠷ ᠳᠦᠭᠦᠷᠡᠩ《 ᠬᠤᠷᠤᠭᠤᠨ  ᠤ ᠦᠵᠦᠭᠦᠷ ᠢᠶᠠᠷ ᠬᠦᠰᠡᠯ ᠵᠡᠭᠦᠳᠦ ᠵᠤᠬᠢᠶᠠᠨ  ᠬᠠᠪᠤᠷ ᠤᠨ ᠳᠠᠯᠠᠢ ᠶᠢᠨ ᠢᠷᠣᠭᠠᠷ ᠤᠨ ᠴᠡᠴᠡᠷᠯᠢᠭ ᠲᠠᠢ ᠤᠴᠠᠷᠠᠬᠤ》 — ᠳᠠᠯᠠᠢ ᠶᠢᠨ ᠢᠷᠣᠭᠠᠷ ᠤᠨ ᠪᠢᠴᠢᠯ ᠦᠵᠡᠮᠵᠢDIY  ᠠᠵᠢᠯᠯᠠᠭ᠎ᠠ ᠶᠢ ᠪᠡᠯᠡᠳᠬᠡᠪᠡ ᠃ ᠬᠤᠶᠠᠷ ᠭᠠᠷ ᠢᠶᠠᠷ ᠢᠶᠠᠨ ᠥᠪᠡᠷ ᠤᠨ ᠳᠠᠯᠠᠢ ᠶᠢᠨ ᠢᠷᠣᠭᠠᠷ ᠤᠨ ᠴᠡᠴᠡᠷᠯᠢᠭ ᠢ ᠪᠠᠶᠢᠭᠤᠯᠵᠤ᠂ ᠬᠤᠷᠤᠭᠤᠨ ᠦᠵᠦᠭᠦᠷ ᠳᠡᠭᠡᠷᠡᠬᠢ ᠤᠷᠠᠯᠢᠭ ᠪᠠ ᠪᠠᠶᠢᠭᠠᠯᠢ ᠶᠢᠨ ᠷᠢᠳᠢ ᠰᠢᠳᠢ ᠶᠢ ᠮᠡᠳᠡᠷᠡᠨ᠎ᠡ᠃
11.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠤᠰᠬᠠᠶ ᠮᠡᠷᠭᠡᠵᠢᠯ ᠤᠨ ᠪᠠᠭᠰᠢ ᠠᠴᠠ ᠪᠢᠴᠢᠯ ᠦᠵᠡᠮᠵᠢ ᠦᠢᠯᠡᠳᠬᠦ ᠠᠯᠬᠤᠮ ᠳᠠᠷᠠᠭ᠎ᠠ ᠶᠢ ᠣᠯᠠᠨ ᠳᠤ ᠨᠠᠷᠢᠨ ᠲᠠᠶᠢᠯᠪᠤᠷᠢᠯᠠᠨ ᠥᠭᠴᠦ᠂ ᠢᠷᠣᠭᠠᠷ ᠤᠨ ᠡᠯᠡᠰᠦ ᠶᠢ ᠳᠡᠪᠢᠰᠬᠦ ᠠᠴᠠ ᠤᠰᠤ ᠡᠪᠡᠰᠦ ᠳᠠᠷᠢᠬᠤ᠂ ᠳᠠᠬᠢᠭᠠᠳ ᠵᠠᠰᠠᠯ ᠴᠢᠮᠡᠭᠯᠡᠯ ᠤᠨ ᠡᠳ᠋ ᠤᠨ ᠴᠢᠮᠡᠭᠯᠡᠯ ᠬᠦᠷᠲᠡᠯ᠎ᠡ᠂ ᠠᠯᠬᠤᠮ ᠪᠦᠷᠢ ᠨᠢ ᠴᠥᠮ ᠤᠷᠠᠨ ᠰᠡᠳᠬᠢᠮᠵᠢ ᠪᠠ ᠪᠦᠲᠦᠭᠡᠯᠴᠢ ᠰᠡᠳᠬᠢᠮᠵᠢ ᠪᠠᠷ ᠳᠦᠭᠦᠷᠡᠩ ᠪᠠᠶᠢᠳᠠᠭ᠃ ᠭᠡᠷ ᠬᠤᠷᠢᠶᠠᠯᠠᠯ ᠤᠨ ᠰᠠᠭᠤᠭᠠᠯᠢ ᠠᠷᠠᠳ ᠪᠣᠯᠤᠨ ᠪᠢᠴᠢᠬᠠᠨ ᠨᠠᠶᠢᠵᠠ ᠨᠠᠷ《  ᠪᠢᠴᠢᠯ ᠶᠢᠷᠲᠢᠨᠴᠦ ᠶᠢᠨ ᠵᠢᠷᠤᠭ ᠲᠥᠯᠥᠪᠯᠡᠭᠴᠢ 》ᠪᠣᠯᠤᠨ ᠬᠤᠪᠢᠷᠠᠵᠤ᠂ ᠲᠠᠪᠤᠨ ᠥᠩᠭᠡ ᠶᠢᠨ ᠬᠠᠶᠢᠷ ᠴᠢᠯᠠᠭᠤ᠂ ᠠᠮᠢᠳᠤᠯᠢᠭ ᠤᠰᠤᠨ ᠤ ᠡᠪᠡᠰᠦ᠂ ᠬᠥᠭᠡᠷᠦᠬᠦᠨ ᠳᠡᠭᠦᠵᠢᠩ ᠢ ᠤᠷᠠᠨ ᠢᠶᠠᠷ ᠵᠣᠬᠢᠶᠠᠨ ᠪᠦᠲᠦᠭᠡᠵᠦ᠂ ᠬᠤᠤᠰ ᠥᠬᠡᠶ《 ᠲᠡᠯᠡᠶ ᠶᠢᠨ ᠢᠷᠣᠭᠠᠷ ᠤᠨ ᠶᠢᠷᠲᠢᠨᠴᠦ 》 ᠶᠢ ᠡᠭᠦᠳᠪᠡ᠃    ᠬᠤᠶᠢᠰᠢᠳᠡ᠂ ᠺᠠᠶ ᠶᠤᠸᠠᠨ ᠨᠡᠶᠢᠭᠡᠮ ᠲᠣᠭᠤᠷᠢᠭ ᠨᠢ ᠣᠯᠠᠨ ᠳᠤ ᠨᠠᠩ ᠣᠯᠠᠨ ᠰᠣᠨᠢᠷᠬᠠᠯᠲᠠᠶ᠂ ᠳᠤᠯᠠᠭᠠᠨ ᠲᠠᠢ ᠬᠥᠳᠡᠯᠭᠡᠭᠡᠨ ᠠᠪᠴᠢᠷᠠᠵᠤ᠂ ᠰᠠᠭᠤᠭᠠᠯᠢ ᠠᠷᠠᠳ ᠨᠢᠭᠡᠪᠦᠷᠢ ᠳᠤ ᠭᠡᠷ ᠬᠤᠷᠢᠶᠠᠯᠠᠯ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号