3 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠪᠠᠶᠠᠨᠰᠢᠯᠢ | ᠵᠡᠭᠡᠯᠢ ᠭᠤᠳᠤᠮᠵᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠡ᠃ | ᠯᠢᠦ ᠵᠢᠶᠦ᠋ᠨ ᠢ ᠤᠷᠢᠳ ᠬᠤᠵᠢᠳ ᠪᠠᠶᠠᠨᠰᠢᠯᠢ ᠵᠡᠭᠡᠯᠢ ᠭᠤᠳᠤᠮᠵᠢ ᠶᠢᠨ ᠲᠣᠰᠬᠤᠨ ᠤ ᠬᠠᠮᠲᠤ ᠶᠢᠨ ᠠᠵᠤ | ᠠᠬᠤᠶ ᠶᠢᠨ ᠲᠥᠷᠥᠯ ᠵᠦᠢᠯ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠦᠷᠴᠦ᠂ | ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠲᠠᠷᠠᠭᠠᠴᠢ ᠶᠢᠨ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠪᠣᠳᠠᠲᠠᠶ ᠰᠠᠨᠠᠯ ᠳᠤᠷᠠᠳᠪᠠ᠃ | ᠶᠠᠷᠢᠯᠴᠠᠬᠤ ᠬᠤᠷᠠᠯ ᠳᠡᠭᠡᠷ᠎ᠡ᠂ ᠯᠢᠦ ᠵᠢᠶᠦ᠋ᠨ ᠢ ᠪᠠᠶᠠᠨᠰᠢᠯᠢ ᠵᠡᠭᠡᠯᠢ ᠶᠢᠨ 2025 ᠣᠨ ᠤ ᠠᠵᠢᠯ ᠤᠨ | ᠲᠥᠯᠥᠪᠯᠡᠭᠡ ᠶᠢ ᠰᠣᠨᠣᠰᠴᠤ᠂ ᠨᠢᠳᠤᠨᠤᠨ ᠠᠴᠠ ᠨᠠᠭᠠᠰᠢᠬᠢ ᠪᠠᠶᠠᠨᠰᠢᠯᠢ ᠵᠡᠭᠡᠯᠢ ᠭᠤᠳᠤᠮᠵᠢ ᠶᠢᠨ ᠣᠯᠤᠭᠰᠠᠨ | ᠠᠵᠢᠯ ᠤᠨ ᠦᠷ᠎ᠡ ᠪᠦᠲᠦᠮᠵᠢ ᠶᠢ ᠨᠤᠲᠠᠯᠠᠵᠤ᠂ ᠪᠠᠶᠠᠨᠰᠢᠯᠢ ᠵᠡᠭᠡᠯᠢ ᠭᠤᠳᠤᠮᠵᠢ ᠶᠢᠨ ᠠᠵᠢᠯ ᠤᠨ ᠰᠡᠳᠬᠢᠴᠡ᠂ | ᠺᠠᠳ᠋ᠷ ᠤᠨ ᠪᠠᠶᠢᠳᠠᠯ ᠤᠨ ᠲᠠᠯ᠎ᠠ ᠪᠠᠷ ᠯᠤᠲᠤ ᠶᠡᠭᠡ ᠳᠠᠪᠰᠢᠯᠲᠠ ᠲᠠᠢ ᠪᠣᠯᠪᠠ ᠭᠡᠵᠦ ᠦᠵᠡᠵᠦ᠂ 2025 ᠣᠨ ᠳᠤ | ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠨᠠᠩ ᠶᠡᠭᠡ ᠰᠢᠪᠲᠤᠯᠤᠯᠲᠠ ᠲᠠᠢ ᠪᠣᠯᠬᠤ ᠶᠢ ᠬᠦᠰᠡᠵᠦ ᠪᠠᠶᠢᠨ᠎ᠠ | ᠭᠡᠪᠡ᠃ | ᠯᠢᠦ ᠵᠢᠶᠦ᠋ᠨ ᠢ ᠴᠢᠬᠤᠯᠠᠴᠢᠯᠠᠭᠰᠠ ᠨᠢ᠂ ᠵᠡᠭᠡᠯᠢ ᠭᠤᠳᠤᠮᠵᠢ ᠶᠢᠨ ᠠᠵᠢᠯ ᠪᠣᠯ ᠠᠵᠤ ᠠᠬᠤᠢ ᠵᠡᠷᠭᠡ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠬᠦ ᠪᠠᠲᠤᠯᠠᠭ᠎ᠠ ᠮᠥᠨ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ᠂ | ᠵᠣᠯ ᠵᠢᠷᠭᠠᠯ ᠤᠨ ᠬᠡᠮᠵᠢᠶ᠎ᠡ ᠲᠠᠢ ᠬᠤᠯᠪᠣᠭᠳᠠᠵᠤ ᠪᠠᠶᠢᠳᠠᠭ᠂ ᠡᠷᠬᠡᠪᠰᠢ ᠬᠥᠭᠵᠢᠭᠦᠯᠬᠦ᠂ ᠵᠠᠰᠠᠬᠤ ᠪᠠ ᠦᠢᠯᠡᠴᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠢ᠃ ᠪᠥᠬᠦ ᠲᠤᠭᠤᠷᠢᠭ ᠤᠨ ᠭᠤᠤᠯ ᠠᠵᠢᠯ ᠳᠤ ᠰᠠᠶᠢᠲᠤᠷ ᠦᠢᠯᠡᠴᠢᠯᠡᠵᠦ᠂ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠳᠬᠢᠴᠡ ᠪᠠᠨ ᠨᠡᠭᠡᠭᠡᠨ᠂ ᠬᠠᠷᠠᠭ᠎ᠠ ᠪᠠᠨ | ᠥᠷᠭᠡᠳᠬᠡᠵᠦ᠂ ᠶᠡᠭᠡ ᠬᠦᠴᠦ ᠣᠷᠣᠭᠤᠯᠵᠤ ᠠᠷᠠᠯᠵᠢᠶᠠᠴᠢᠨ ᠤᠷᠢᠵᠤ ᠪᠠᠯᠠ ᠣᠷᠣᠭᠤᠯᠤᠨ᠂ ᠣᠲᠣ ᠶᠢᠨ ᠪᠠᠶᠢᠭ᠎ᠠ | ᠡᠬᠢ ᠪᠠᠶᠠᠯᠢᠭ ᠡᠳ᠋ ᠬᠥᠷᠥᠩᠭᠡ ᠪᠠᠨ ᠠᠮᠢᠳᠤᠯᠢᠭ ᠪᠣᠯᠭᠠᠵᠤ᠂ ᠲᠣᠰ ᠪᠡᠶ᠎ᠡ ᠶᠢᠨ ᠬᠥᠭᠵᠢᠯᠲᠡ ᠳᠡᠭᠡᠨ ᠰᠠᠭᠤᠷᠢᠯᠠᠨ᠂ | ᠠᠵᠤ ᠦᠢᠯᠡᠰᠵᠢᠯᠲᠡ ᠶᠢᠨ ᠰᠡᠳᠬᠢᠬᠦᠶ ᠶᠢ ᠪᠣᠶ ᠪᠣᠯᠭᠠᠵᠤ᠂《 ᠰᠢᠢᠳᠪᠦᠷᠢᠯᠡᠯᠲᠡ ᠲᠠᠢ 》ᠰᠡᠳᠬᠢᠬᠦᠶ ᠶᠢ ᠭᠦᠢᠴᠡᠳ | ᠬᠡᠷᠡᠭᠯᠡᠨ᠂ ᠢᠳᠡᠪᠬᠢᠲᠡᠶ ᠪᠠᠷ ᠪᠠᠯᠠ ᠮᠥᠩᠭᠦ ᠶᠢ ᠲᠡᠮᠡᠴᠡᠨ ᠣᠯᠵᠤ᠂ ᠨᠡᠶᠢᠭᠡᠮ ᠤᠨ ᠡᠬᠢ ᠪᠠᠶᠠᠯᠢᠭ ᠢ ᠠᠰᠢᠭᠯᠠᠨ᠂ | ᠨᠡᠶᠢᠭᠡᠮ ᠤᠨ ᠬᠥᠷᠥᠩᠭᠡ ᠶᠢ ᠳᠠᠶᠢᠴᠢᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠶᠣᠰᠣ ᠰᠤᠷᠲᠠᠬᠤᠨ ᠤ | ᠬᠤᠷᠢᠭ᠎ᠠ ᠱᠤᠭᠤᠮ ᠢ ᠰᠠᠬᠢᠭᠰᠠᠨ ᠤᠷᠢᠲᠠᠯ ᠳᠤᠤᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠰᠠᠶᠢᠲᠤᠷ ᠬᠢᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠰᠢᠨ᠎ᠡ | ᠨᠡᠮᠡᠭᠳᠡᠯ ᠤᠨ ᠴᠡᠭ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠲᠣᠰ ᠪᠡᠶ᠎ᠡ ᠶᠢᠨ《 ᠴᠢᠰᠤ | ᠪᠦᠲᠦᠭᠡᠬᠦ》ᠴᠢᠳᠠᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠲᠣᠭᠲᠠᠭᠤᠨ ᠤ ᠦᠷ᠎ᠡ ᠪᠦᠲᠦᠭᠡᠯ ᠢᠶᠠᠨ ᠪᠠᠬᠢᠵᠢᠭᠦᠯᠵᠦ᠂ | ᠨᠢᠭᠡᠨᠲᠡ ᠪᠠᠶᠢᠭ᠎ᠠ ᠠᠰᠠᠭᠤᠳᠠᠯ ᠪᠠ ᠵᠥᠷᠢᠴᠡᠯ ᠳᠤ ᠴᠢᠭᠯᠡᠭᠦᠯᠦᠨ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ | ᠠᠯᠬᠤᠮ ᠠᠯᠬᠤᠮ ᠢᠶᠠᠷ ᠰᠢᠢᠳᠪᠦᠷᠢᠯᠡᠵᠦ᠂ ᠲᠣᠰᠬᠤᠨ ᠢ ᠡᠷᠦᠬᠡ ᠳᠤ ᠳᠠᠭᠠᠭᠠᠴᠢᠯᠠᠭᠤᠯᠤᠨ᠂ ᠤᠯᠠᠨ ᠲᠦᠮᠡᠨ ᠢ | ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠥᠮᠦᠵᠢᠭᠦᠯᠦᠨ ᠬᠦᠳᠤᠯᠤᠨ ᠵᠢᠯᠣᠭᠤᠳᠴᠤ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠤᠯᠠᠨ ᠲᠦᠮᠡᠨ ᠤ ᠣᠷᠣᠯᠴᠠᠬᠤ | ᠢᠳᠡᠪᠬᠢᠵᠢᠯ ᠢ ᠭᠦᠢᠴᠡᠳ ᠲᠠᠶᠢᠴᠢᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ | ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠴᠣᠭᠴᠠᠯᠠᠬᠤ ᠬᠡᠷᠡᠭᠲᠡᠢ᠃ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠪᠠᠷ ᠪᠠᠷᠢᠮᠵᠢᠶ᠎ᠠ ᠪᠣᠯᠭᠠᠵᠤ᠂ ᠱᠠᠲᠤᠴᠢ ᠴᠢᠨᠠᠷᠲᠠᠶ ᠬᠠᠷᠠᠯᠲᠠ ᠲᠣᠭᠲᠠᠭᠠᠵᠤ᠂ ᠠᠵᠢᠯ ᠢᠶᠠᠨ ᠲᠡᠷᠢᠭᠦᠨ ᠳᠤ | ᠲᠠᠯᠪᠢᠵᠤ᠂ ᠤᠷᠢᠳᠠᠪᠠᠷ ᠬᠢᠵᠦ᠂ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠳᠤ ᠣᠯᠠᠨ ᠨᠡᠶᠢᠲᠡ ᠶᠢᠨ | ᠦᠢᠯᠡᠴᠢᠯᠡᠭᠡ ᠬᠠᠩᠭᠠᠵᠤ᠂ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠠᠵᠢᠯ ᠢ ᠰᠠᠶᠢᠲᠤᠷ ᠬᠢᠵᠦ᠂ | ᠠᠯᠢ ᠣᠯᠠᠨ ᠠᠵᠢᠯ ᠤᠨ ᠦᠷ᠎ᠡ ᠪᠦᠲᠦᠭᠡᠯ ᠢ ᠪᠠᠶᠠᠨᠰᠢᠯᠢ ᠳᠤ ᠦᠨᠡᠨ ᠬᠦ ᠨᠠᠶᠢᠳᠠᠪᠤᠷᠢᠵᠢᠭᠤᠯᠵᠤ᠂ ᠠᠯᠢ ᠣᠯᠠᠨ | ᠪᠠᠭ᠎ᠠ ᠶᠠᠪᠤᠳᠠᠯ ᠢ ᠠᠷᠠᠳ ᠣᠯᠠᠨ ᠤ ᠰᠡᠳᠬᠢᠯ ᠳᠤ ᠦᠨᠡᠨ ᠬᠦ ᠪᠡᠶᠡᠯᠡᠭᠦᠯᠬᠦ ᠬᠡᠷᠡᠭᠲᠡᠶ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ | ᠥᠷᠨᠢᠭᠦᠯᠵᠦ᠂《 ᠤᠯᠠᠨ ᠲᠦᠮᠡᠨ ᠤ ᠢᠯᠵᠢᠷᠡᠯ 》 ᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ᠂ | ᠴᠢᠩᠭ᠎ᠠ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠵᠤ᠂《 ᠰᠢᠢᠳᠪᠦᠷᠢᠯᠡᠯᠲᠡ ᠲᠠᠢ ᠰᠡᠳᠬᠢᠭᠦᠢ ᠶᠢ ᠪᠤᠢ ᠪᠤᠯᠭᠠᠨ᠂ | ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠬᠤ | 》ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠲᠠᠰᠤᠷᠠᠯᠳᠠ ᠦᠭᠡᠢ | ᠡᠮᠬᠢᠯᠡᠨ ᠰᠢᠨᠡᠳᠬᠡᠵᠦ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠯᠠᠭᠤ ᠺᠠᠳ᠋ᠷ ᠢ | ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠱᠠᠩᠨᠠᠵᠤ ᠲᠣᠷᠭᠠᠬᠤ ᠲᠣᠭᠲᠠᠴᠠ ᠶᠢ | ᠪᠠᠶᠢᠭᠤᠯᠵᠤ᠂ ᠺᠠᠳ᠋ᠷ ᠤᠨ ᠢᠳᠡᠪᠬᠢᠵᠢᠯ ᠢ ᠭᠦᠢᠴᠡᠳ ᠲᠠᠶᠢᠴᠢᠯᠠᠵᠤ᠂ ᠰᠢᠯᠢᠳᠡᠭ ᠰᠤᠷᠲᠠᠯ᠂ ᠥᠭᠡᠷᠡᠴᠢᠯᠡᠯᠲᠡ ᠶᠢᠨ | ᠰᠡᠳᠬᠢᠬᠦᠢ ᠪᠠᠷ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠵᠣᠷᠢᠭ ᠰᠠᠨᠠᠭ᠎ᠠ ᠪᠠᠨ ᠳᠡᠭᠡᠭᠰᠢᠯᠡᠭᠦᠯᠬᠦ᠂ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠢ ᠵᠢᠤ ᠶᠤᠸᠠᠨ | ᠴᠢᠨᠠᠭᠰᠢᠯᠠᠪᠠᠯ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠬᠤ | ᠬᠡᠷᠡᠭᠲᠡᠢ᠃ | ᠲᠤᠭᠤᠷᠢᠭ ᠤᠨ ᠤᠳᠤᠷᠢᠳᠤᠯᠭ᠎ᠠ ᠯᠢᠦ ᠶᠧ᠂ ᠬᠠᠨ ᠮᠢᠩ ᠺᠠᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠪᠠᠶᠠᠨᠰᠢᠯᠢ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠶᠠᠷᠢᠯᠴᠠᠬᠤ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | | | | | | | |