ᠵᠢᠤ ᠶᠤᠸᠠᠨ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠬᠦᠷᠢᠶ᠎ᠡ ᠬᠡᠪᠴᠢᠶᠡᠨ ᠳᠠᠬᠢ ᠣᠷᠴᠢᠨ ᠲᠣᠭᠤᠷᠢᠨ ᠤ ᠠᠮᠤᠷ ᠲᠦᠪᠰᠢᠨ ᠤ ᠰᠠᠭᠤᠷᠢ ᠶᠢ ᠲᠠᠰᠤᠷᠠᠯᠲᠠ | ᠦᠭᠡᠢ ᠪᠠᠬᠢᠵᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠳᠠᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠶᠢᠨ | ᠲᠦᠯᠦᠭᠡ᠃ ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠳ ᠤᠷᠢᠳ ᠬᠤᠵᠢᠳ ᠭᠤᠤᠯᠳᠠᠯᠭ᠎ᠠ ᠲᠠᠢ ᠠᠵᠤ ᠠᠬᠤᠶᠢᠯᠠᠯ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠲᠤᠬᠠᠶ ᠶᠢᠨ ᠲᠠᠯᠠᠪᠠᠶ ᠳᠤ ᠬᠠᠷᠭᠤᠭᠤᠯᠤᠨ | ᠪᠠᠶᠢᠴᠠᠭᠠᠬᠤ ᠶᠢᠨ ᠬᠠᠮᠲᠤ ᠮᠠᠲ᠋ᠧᠷᠢᠶᠠᠯ ᠢ ᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠠᠵᠢᠯᠯᠠᠭᠠᠨ ᠤ ᠬᠠᠮᠢᠶᠠᠷᠤᠯᠲᠠ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠶ | ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ᠂ ᠰᠠᠴᠤᠷᠠᠭ ᠡᠭᠦᠰᠭᠡᠭᠴᠢ ᠶᠢᠨ | ᠬᠡᠷᠡᠭᠯᠡᠯᠲᠡ ᠶᠢᠨ ᠡᠬᠡ ᠲᠠᠩᠰᠠ ᠶᠢᠨ ᠲᠡᠮᠳᠡᠭᠯᠡᠯ᠂ ᠭᠤᠤᠯᠳᠠᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠪᠠᠴᠢᠮ ᠪᠠᠶᠢᠳᠠᠯ ᠢ | ᠠᠷᠭᠠᠴᠠᠵᠤ ᠰᠡᠷᠭᠡᠶᠢᠯᠡᠬᠦ ᠪᠡᠯᠡᠳᠬᠡᠯ ᠵᠡᠷᠭᠡ ᠪᠠᠶᠢᠳᠠᠯ ᠳᠤ ᠪᠠᠶᠢᠴᠠᠭᠠᠯᠲᠠ ᠬᠢᠪᠠ᠃《 ᠨᠢᠭᠡ ᠤᠳᠠᠭ᠎ᠠ ᠡᠭᠦᠳᠡ ᠪᠠᠷ | ᠣᠷᠣᠵᠤ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ 》 ᠶᠢ ᠪᠡᠶᠡᠯᠡᠭᠦᠯᠵᠦ᠂ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠬᠦᠴᠦᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠪᠡ᠃ ᠵᠢᠭᠰᠠᠭᠠᠨ ᠪᠠᠶᠢᠴᠠᠭᠠᠬᠤ ᠳᠤᠮᠳᠠ | ᠢᠯᠡᠷᠡᠭᠦᠯᠦᠭᠰᠡᠨ ᠳᠠᠯᠳᠠ ᠬᠡᠮ ᠪᠠ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠠᠰᠠᠭᠤᠳᠠᠯ ᠤᠨ ᠨᠠᠷᠢᠨ | ᠬᠠᠭᠤᠳᠠᠰᠤ ᠪᠠ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠬᠠᠮᠢᠶ᠎ᠠ ᠪᠥᠬᠦᠶ ᠠᠵᠤ ᠠᠬᠤᠶᠢᠯᠠᠯ ᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠳᠠᠷᠤᠢ ᠬᠡᠷᠡᠭᠵᠢᠭᠦᠯᠵᠦ | ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | | | ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠬᠦᠭᠡᠷᠦᠮᠵᠢ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ | ᠴᠢᠬᠤᠯᠠᠴᠢᠯᠠᠬᠤ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠷᠭ᠎ᠠ ᠪᠠᠷᠢᠯ ᠢ | ᠴᠢᠩᠭᠠᠷᠠᠭᠤᠯᠤᠨ᠂ ᠪᠠᠶᠢᠴᠠᠭᠠᠯᠲᠠ ᠨᠢ ᠴᠡᠭ ᠢᠶᠠᠷ ᠨᠡᠶᠢᠳᠡᠮ ᠢ ᠳᠠᠶᠢᠴᠢᠯᠠᠵᠤ᠂ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠠᠮᠤᠷ ᠲᠦᠪᠰᠢᠨ ᠤ | ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠤ | ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠦᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ | ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠬᠤ ᠦᠵᠡᠯ ᠤᠬᠠᠮᠰᠠᠷ ᠢ | ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠤ | ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠤ ᠳᠡᠭᠡᠭᠰᠢᠯᠡᠭᠦᠯᠪᠡ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ | ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ | ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢᠨ | ᠲᠦᠪᠰᠢᠨ ᠢᠶᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ | ᠴᠢᠩᠭᠠᠳᠬᠠᠵᠤ᠂ ᠦᠨᠳᠦᠰᠦ ᠠᠴᠠ ᠨᠢ ᠵᠠᠰᠠᠬᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠤᠣᠯᠳᠠᠯᠭ᠎ᠠ ᠲᠠᠢ | ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠰᠡᠷᠭᠡᠶᠢᠯᠡᠵᠦ᠂ ᠠᠮᠤᠷ ᠲᠦᠪᠰᠢᠨ ᠤ | ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ | | | | | | |