ᠵᠢᠦ ᠶᠤᠸᠠᠨ ᠲᠣᠭᠤᠷᠢᠭ ᠤᠨ ᠬᠠᠶᠢᠷ᠎ᠠ ᠲᠠᠢ ᠡᠵᠢ ᠶᠢᠨ ᠥᠷᠲᠡᠭᠡ ᠵᠡᠷᠭᠡᠯᠡᠳᠡᠭᠡ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠭᠡᠬᠦ  ᠺᠣᠮᠢᠰ ᠤᠨ ᠲᠣᠭᠤᠷᠢᠨ ᠦᠵᠡᠬᠦ ᠪᠦᠯᠬᠦᠮ ᠢ ᠤᠭᠲᠤᠨ᠎ᠠ
ᠨᠡᠶᠢᠲᠡᠯᠡᠭᠰᠡᠨ ᠴᠠᠭ᠄
2025/3/28
    ᠣᠷᠣᠨ ᠪᠦᠰᠡ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 25  ᠤ ᠦᠳᠡ ᠶᠢᠨ ᠬᠤᠶᠢᠨ᠎ᠠ᠂ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤᠨ ᠤ 100 ᠭᠠᠷᠤᠢ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠲᠥᠯᠥᠭᠡᠯᠡᠭᠴᠢᠳ ᠤᠨ ᠪᠦᠯᠬᠦᠮ ᠵᠢᠦ ᠶᠤᠸᠠᠨ ᠲᠣᠭᠤᠷᠢᠭ ᠤᠨ ᠲᠡᠰ ᠤᠨ ᠬᠠᠶᠢᠷ᠎ᠠ ᠲᠠᠢ ᠡᠵᠢ ᠶᠢᠨ ᠦᠷᠳᠡᠭᠡ — ᠬᠠᠨ ᠡᠯ ᠭᠡᠷ ᠬᠤᠷᠢᠶᠠᠯᠠᠯ  ᠳᠤ ᠲᠣᠭᠤᠷᠢᠨ ᠦᠵᠡᠵᠦ ᠰᠤᠷᠤᠯᠴᠠᠵᠤ᠂ ᠬᠥᠭᠵᠢᠯᠲᠡ ᠶᠢ ᠬᠠᠮᠲᠤ ᠪᠠᠷ ᠶᠠᠷᠢᠯᠴᠠᠵᠤ᠂ ᠳᠡᠭᠡᠭᠰᠢᠯᠡᠯᠲᠡ ᠶᠢ ᠬᠠᠮᠲᠤ ᠪᠠᠷ ᠠᠬᠢᠭᠤᠯᠪᠠ᠃
111.jpg
    ᠲᠠᠶᠢᠯᠪᠤᠷᠢᠯᠠᠭᠴᠢ ᠠᠴᠠ ᠤᠷᠢᠳ ᠬᠤᠵᠢᠳ PPT  ᠶᠢᠨ ᠦᠵᠡᠭᠦᠯᠭᠡ᠂ ᠪᠣᠳᠠᠲᠤ ᠵᠢᠱᠢᠶ᠎ᠡ ᠪᠠᠨ ᠬᠤᠪᠢᠶᠠᠯᠴᠠᠬᠤ ᠪᠠᠷ ᠳᠠᠮᠵᠢᠭᠤᠯᠤᠨ ᠵᠢᠤ ᠶᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠡᠷᠡᠭᠵᠢᠭᠦᠯᠦᠭᠰᠡᠨ《  ᠬᠠᠶᠢᠷ᠎ᠠ ᠲᠠᠢ ᠡᠵᠢ ᠬᠡᠷ ᠢᠶᠠᠨ ᠰᠠᠬᠢᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠦᠴᠦ ᠨᠡᠮᠡᠷᠢᠯᠡᠬᠦ 》ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠭᠤᠤᠯ ᠠᠷᠭ᠎ᠠ᠂ ᠦᠷ᠎ᠡ ᠪᠦᠲᠦᠮᠵᠢ ᠪᠣᠯᠤᠨ ᠬᠠᠶᠢᠷ᠎ᠠ ᠬᠠᠯᠠᠮᠵᠢ ᠶᠢᠨ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠲᠦᠷᠢᠮ ᠢ ᠭᠤᠤᠯᠳᠠᠯᠭ᠎ᠠ ᠲᠠᠢ ᠲᠠᠨᠢᠯᠴᠠᠭᠤᠯᠪᠠ᠃ ᠳᠠᠷᠠᠭ᠎ᠠ ᠨᠢ᠂ ᠰᠤᠷᠪᠤᠯᠵᠢᠯᠠᠬᠤ ᠪᠠᠷ ᠢᠷᠡᠭᠰᠡᠨ ᠭᠦᠢᠴᠡᠳᠭᠡᠬᠦ ᠺᠣᠮᠢᠰ ᠢ ᠳᠠᠭᠠᠭᠤᠯᠤᠨ《  ᠬᠠᠶᠢᠷ᠎ᠠ ᠲᠠᠢ ᠡᠵᠢ ᠶᠢᠨ ᠬᠡᠷ 》᠂《 ᠬᠡᠦᠬᠡᠳ ᠤᠨ ᠨᠥᠬᠦᠷᠰᠡᠭ ᠣᠷᠣᠨ ᠵᠠᠶ 》᠂《 ᠬᠠᠶᠢᠷ᠎ᠠ ᠬᠠᠯᠠᠮᠵᠢ ᠬᠤᠪᠢ ᠬᠤᠷᠠᠮᠳᠤᠭᠤᠯᠬᠤ ᠬᠡᠲᠦ ᠳᠡᠯᠭᠡᠭᠦᠷ 》ᠵᠡᠷᠭᠡ ᠴᠢᠳᠠᠮᠵᠢᠲᠤ ᠣᠷᠣᠨ ᠪᠦᠰᠡ ᠳᠤ ᠬᠦᠷᠴᠦ᠂ ᠦᠨᠳᠦᠰᠦᠨ ᠱᠠᠲᠤᠨ ᠤ ᠵᠠᠰᠠᠯᠲᠠ᠂ ᠦᠢᠯᠡᠴᠢᠯᠡᠭᠡᠨ ᠤ ᠰᠢᠨ᠎ᠡ ᠶᠢ ᠡᠭᠦᠳᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠣᠯᠢᠯᠴᠠᠨ ᠶᠠᠷᠢᠯᠴᠠᠪᠠ᠃    ᠰᠣᠯᠢᠯᠴᠠᠬᠤ ᠶᠠᠪᠤᠴᠠ ᠳᠤ᠂  ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠠᠩ ᠵᠢᠩ ᠮᠠᠨ ᠤ ᠲᠤᠭᠤᠷᠢᠭ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠥᠷᠨᠢᠭᠦᠯᠬᠦ ᠶᠠᠪᠤᠴᠠ ᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠨᠢᠭᠲᠠᠷᠠᠭᠤᠯᠬᠤ᠂ ᠨᠡᠶᠢᠭᠡᠮ ᠤᠨ ᠡᠬᠢ ᠪᠠᠶᠠᠯᠢᠭ ᠢ ᠨᠡᠶᠢᠳᠬᠡᠬᠦ᠂ ᠬᠠᠯᠠᠮᠵᠢᠯᠠᠨ ᠬᠠᠶᠢᠷᠠᠯᠠᠬᠤ ᠠᠷᠭ᠎ᠠ ᠬᠡᠯᠪᠡᠷᠢ ᠶᠢ ᠥᠷᠭᠡᠳᠬᠡᠬᠦ ᠵᠡᠷᠭᠡ ᠲᠠᠯ᠎ᠠ ᠶᠢᠨ ᠦᠢᠯᠡᠳᠦᠯᠭᠡ ᠶᠢᠨ ᠲᠤᠷᠰᠢᠯᠭ᠎ᠠ ᠶᠢ ᠨᠠᠷᠢᠨ ᠬᠤᠪᠢᠶᠠᠯᠴᠠᠪᠠ᠃ ᠲᠤᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠪᠠᠷ ᠳᠠᠮᠵᠢᠨ᠂ ᠡᠯ᠎ᠡ ᠭᠠᠵᠠᠷ ᠤᠨ ᠡᠮᠡᠭᠲᠡᠶᠢᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠭ᠎ᠠ ᠪᠣᠯᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠬᠠᠷᠢᠯᠴᠠᠨ ᠠᠶᠢᠯᠴᠢᠯᠠᠬᠤ᠂ ᠲᠥᠷᠥᠯ ᠵᠦᠢᠯ ᠢ ᠬᠠᠮᠲᠤᠪᠠᠷ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠎ᠠ ᠭᠡᠵᠦ ᠢᠯᠡᠷᠬᠡᠶᠢᠯᠡᠵᠡᠶ᠃    ᠠᠶᠢᠯᠴᠢᠯᠠᠬᠤ ᠪᠠᠷ ᠢᠷᠡᠭᠰᠡᠨ ᠭᠦᠢᠴᠡᠳᠬᠡᠬᠦ ᠺᠣᠮᠢᠰ ᠮᠠᠨ ᠤ ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠧᠩ ᠹᠠᠩ :《 ᠥᠨᠥᠳᠦᠷ ᠤᠨ ᠰᠤᠷᠤᠯᠴᠠᠯᠭ᠎ᠠ ᠶᠢᠨ ᠣᠯᠤᠯᠲᠠ ᠮᠠᠰᠢ ᠤᠯᠠᠨ᠂ ᠬᠠᠶᠢᠷ᠎ᠠ ᠬᠠᠯᠠᠮᠵᠢ ᠶᠢᠨ ᠬᠡᠳᠤ ᠳᠡᠯᠭᠡᠭᠦᠷ ᠤᠨ ᠦᠢᠯᠡᠴᠢᠯᠡᠭᠡ ᠨᠢ ᠵᠥᠪᠬᠡᠨ ᠬᠤᠪᠢ ᠬᠤᠷᠠᠮᠳᠤᠭᠤᠯᠬᠤ ᠰᠣᠯᠢᠯᠴᠠᠭ᠎ᠠ ᠲᠡᠳᠦᠢ ᠪᠢᠰᠢ᠂ ᠲᠡᠷᠡ ᠨᠢ ᠭᠡᠷ  ᠬᠤᠷᠢᠶᠠᠯᠠᠯ ᠤᠨ ᠦᠨᠳᠦᠰᠦᠨ ᠱᠠᠲᠤᠨ ᠤ ᠵᠠᠰᠠᠯᠲᠠ᠂ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡ᠂  ᠭᠡᠷ ᠬᠤᠷᠢᠶᠠᠯᠠᠯ ᠤᠨ ᠬᠠᠮᠲᠤ ᠶᠢᠨ ᠠᠵᠤ ᠠᠬᠤᠢ ᠵᠡᠷᠭᠡ ᠤᠯᠠᠨ ᠳᠠᠪᠬᠤᠷᠭ᠎ᠠ ᠶᠢᠨ ᠠᠭᠤᠯᠭ᠎ᠠ ᠳᠤ ᠠᠭᠤᠰᠤᠯᠴᠠᠵᠤ᠂ ᠭᠠᠵᠠᠷ ᠳᠡᠭᠡᠷ᠎ᠡ ᠪᠠᠶᠢᠷᠢᠯᠠᠭᠤᠯᠤᠭᠰᠠᠨ ᠬᠡᠦᠬᠡᠳ ᠤᠨ ᠠᠮᠤᠷ ᠲᠦᠪᠰᠢᠨ ᠤ ᠬᠥᠮᠦᠵᠢᠯ ᠤᠨ ᠦᠨᠡᠨ ᠬᠥᠮᠦᠨ ᠤ ᠨᠢᠰᠬᠦ ᠰᠢᠳᠡᠷ᠎ᠡ ᠶᠢᠨ ᠬᠥᠯᠭᠡ ᠨᠢ᠂ ᠬᠡᠦᠬᠡᠳ ᠤᠳ ᠨᠠᠭᠠᠳᠤᠨ ᠲᠣᠭᠯᠠᠬᠤ ᠳᠠᠭᠠᠨ ᠴᠤ ᠥᠪᠡᠷ ᠢ ᠪᠠᠨ ᠬᠠᠮᠠᠭᠠᠯᠠᠬᠤ ᠤᠷ᠎ᠠ ᠴᠢᠳᠠᠪᠤᠷᠢ ᠶᠢ ᠡᠵᠡᠮᠰᠢᠭᠦᠯᠵᠦ᠂  ᠭᠡᠷ ᠬᠤᠷᠢᠶᠠᠯᠠᠯ ᠤᠨ ᠬᠦᠳᠡᠯᠭᠡᠭᠡᠨ ᠤ ᠲᠠᠯᠠᠪᠤᠷ ᠢ ᠭᠦᠢᠴᠡᠳ ᠠᠰᠢᠭᠯᠠᠭᠰᠠᠨ ᠪᠠᠶᠢᠨ᠎ᠠ᠃ ᠵᠢᠤ ᠶᠤᠸᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠲᠤ ᠦᠢᠯᠡᠴᠢᠯᠡᠬᠦ᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠵᠡᠷᠭᠡ ᠠᠵᠢᠯ ᠤᠨ ᠲᠠᠯ᠎ᠠ ᠪᠠᠷ ᠬᠢ  ᠲᠤᠷᠰᠢᠯᠭ᠎ᠠ ᠶᠢ ᠪᠢᠳᠡ  ᠰᠤᠷᠤᠯᠴᠠᠵᠤ ᠯᠠᠪᠯᠠᠯᠲᠠ ᠪᠤᠯᠭᠠᠭᠤᠰᠢᠲᠠᠢ ᠶᠤᠮ 》ᠭᠡᠵᠦ ᠬᠡᠯᠡᠪᠡ᠃    ᠲᠤᠰ ᠤᠳᠠᠭ᠎ᠠ ᠶᠢᠨ ᠲᠣᠭᠤᠷᠢᠨ ᠦᠵᠡᠬᠦ ᠠᠵᠢᠯᠯᠠᠭ᠎ᠠ ᠨᠢ ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠬᠢᠯᠠᠰ ᠴᠡᠭ ᠪᠣᠯᠤᠨ ᠦᠷ᠎ᠡ ᠪᠦᠲᠦᠮᠵᠢ ᠶᠢ ᠬᠠᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠡᠯ᠎ᠡ ᠭᠠᠵᠠᠷ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤ ᠨᠡᠪᠲᠡᠷᠡᠯᠴᠡᠭᠡ ᠬᠠᠮᠳᠤᠷᠠᠯᠴᠠᠭ᠎ᠠ ᠶᠢᠨ ᠬᠥᠭᠦᠷᠭᠡ ᠶᠢ ᠲᠠᠯᠪᠢᠵᠤ ᠦᠭᠭᠦᠭᠰᠡᠨ ᠪᠠᠶᠢᠨ᠎ᠠ᠃ ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠡᠮᠡᠭᠲᠡᠶᠢᠴᠦᠳ ᠬᠡᠦᠬᠡᠳ ᠲᠤ ᠨᠡᠩ ᠤᠯᠠᠨ ᠠᠰᠢᠭ ᠬᠦᠷᠲᠡᠭᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ《 ᠲᠤᠰ ᠭᠠᠵᠠᠷ ᠤᠨ ᠲᠤᠷᠰᠢᠯᠭ᠎ᠠ 》 ᠶᠢ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号