ᠵᠢᠦ ᠶᠤᠸᠠᠨ ᠲᠣᠭᠤᠷᠢᠭ《 ᠪᠣᠯᠪᠠᠰᠤᠷᠠᠭᠤᠯᠤᠯ + ᠠᠵᠢᠯ ᠣᠯᠭᠤᠯᠲᠠ 》ᠭᠡᠷ ᠪᠦᠯᠢ ᠶᠢᠨ ᠦᠢᠯᠡᠴᠢᠯᠡᠭᠡᠨ ᠤ  ᠦᠢᠯᠡᠰ ᠤᠨ ᠲᠤᠰᠬᠠᠶ ᠲᠠᠯᠠᠪᠤᠷ ᠤᠨ ᠠᠵᠢᠯᠲᠠᠨ ᠡᠯᠰᠡᠬᠦ  ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2025/3/28
    ᠵᠢᠤ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ《ᠪᠣᠯᠪᠠᠰᠤᠷᠠᠭᠤᠯᠤᠯ + ᠠᠵᠢᠯ ᠣᠯᠭᠤᠯᠲᠠ 》 ᠶᠢᠨ ᠵᠠᠭᠪᠤᠷ ᠢᠶᠠᠷ ᠾᠧᠩ ᠶᠤᠸᠠᠨ ᠭᠡᠷ ᠤᠨ ᠶᠠᠪᠤᠳᠠᠯ ᠤᠨ ᠲᠣᠮᠣ ᠠᠰᠠᠷ ᠲᠤ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠲᠤᠰᠬᠠᠢ ᠠᠵᠢᠯᠲᠠᠨ ᠡᠯᠰᠡᠬᠦ ᠬᠤᠷᠠᠯ ᠢ ᠵᠣᠬᠢᠶᠠᠨ ᠪᠠᠶᠢᠭᠤᠯᠪᠠ᠃
11.jpg
    ᠠᠵᠢᠯᠯᠠᠭ᠎ᠠ ᠶᠢᠨ ᠠᠬᠤᠶ ᠲᠠᠯᠠᠪᠠᠶ ᠳᠤ᠂ ᠬᠡᠷ ᠤᠨ ᠶᠠᠪᠤᠳᠠᠯ ᠤᠨ ᠦᠢᠯᠡᠴᠢᠯᠡᠭᠡ᠂ ᠨᠠᠰᠤᠵᠢᠯ ᠤᠨ ᠰᠤᠪᠢᠯᠠᠯᠲᠠ᠂ ᠬᠡᠦᠬᠡᠳ ᠪᠤᠶᠢᠵᠢᠭᠤᠯᠬᠤ ᠵᠡᠷᠭᠡ ᠠᠵᠢᠯ ᠲᠥᠷᠥᠯ ᠤᠨ 12 ᠬᠡᠷ ᠤᠨ ᠦᠢᠯᠡᠴᠢᠯᠡᠭᠡᠨ ᠤ ᠠᠵᠤ ᠠᠬᠤᠶᠢᠯᠠᠯ ᠠᠵᠢᠯ ᠡᠷᠢᠭᠰᠡᠳ ᠲᠠᠢ ᠬᠠᠯᠠᠭᠤᠨ ᠢᠶᠠᠷ ᠶᠠᠷᠢᠯᠴᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠾᠧᠩ ᠶᠤᠸᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢᠶᠠᠷ ᠳᠡᠮᠵᠢᠨ 113 ᠠᠵᠢᠯ ᠡᠷᠢᠭᠴᠢ ᠠᠵᠢᠯᠲᠠᠨ ᠡᠯᠰᠡᠬᠦ ᠳᠤ ᠣᠷᠣᠯᠴᠠᠵᠤ᠂ 80 ᠭᠠᠷᠤᠶ ᠬᠥᠮᠦᠨ ᠳᠤ ᠠᠩᠬ᠎ᠠ ᠠᠯᠬᠤᠮ ᠠᠵᠢᠯ ᠣᠯᠭᠤᠬᠤ ᠰᠠᠨᠠᠮᠵᠢ ᠲᠠᠢ ᠪᠣᠯᠪᠠ᠃ ᠾᠧᠩ ᠶᠤᠸᠠᠨ ᠭᠡᠷ ᠤᠨ ᠶᠠᠪᠤᠳᠠᠯ ᠤᠨ ᠲᠣᠮᠣ ᠠᠰᠠᠷ《 ᠠᠵᠢᠯᠲᠠᠨ ᠡᠯᠰᠡᠬᠦ ᠠᠵᠢᠯ ᠡᠷᠢᠬᠦ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ᠂ ᠦᠢᠯᠡᠰ ᠪᠣᠰᠬᠠᠵᠤ ᠠᠵᠢᠯ ᠣᠯᠭᠤᠬᠤ 》ᠳᠣᠲᠣᠭᠠᠳᠤ ᠡᠷᠭᠢᠯᠲᠡ ᠶᠢᠨ ᠵᠠᠭᠪᠤᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠡᠷ ᠤᠨ ᠦᠢᠯᠡᠴᠢᠯᠡᠭᠡᠨ ᠤ ᠠᠵᠢᠯ ᠲᠥᠷᠥᠯ ᠤᠨ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠠᠵᠢᠯ ᠲᠥᠷᠥᠯ ᠳᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠦᠷᠭᠡᠨ ᠥᠭᠴᠦ᠂《 ᠭᠡᠷ ᠤᠨ ᠶᠠᠪᠤᠳᠠᠯ ᠤᠨ ᠦᠢᠯᠡᠴᠢᠯᠡᠭᠡᠨ ᠤ ᠪᠣᠯᠪᠠᠰᠤᠷᠠᠭᠤᠯᠤᠯ + ᠯᠦ ᠴᠧᠩ ᠾᠧᠩ ᠶᠤᠸᠠᠨ ᠡᠭᠡᠴᠢ》ᠬᠤᠣᠰ ᠨᠡᠷᠡᠲᠦ ᠲᠡᠮᠳᠡᠭ ᠤᠨ ᠪᠦᠷᠢᠯᠳᠦᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤᠥᠭᠪᠡ᠃
22.jpg
    ᠲᠠᠷᠠᠭᠠᠴᠢ ᠪᠠᠷ᠂ ᠵᠢᠤ ᠶᠤᠸᠠᠨ ᠲᠣᠭᠤᠷᠢᠭ《 ᠪᠣᠯᠪᠠᠰᠤᠷᠠᠭᠤᠯᠤᠯ + ᠠᠵᠢᠯ ᠣᠯᠭᠤᠯᠲᠠ 》 ᠶᠢᠨ ᠵᠠᠭᠪᠤᠷ ᠲᠤ ᠲᠦᠰᠢᠭᠯᠡᠨ᠂ ᠠᠵᠢᠯ ᠲᠥᠷᠥᠯ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠢ ᠢᠳᠡᠪᠬᠢᠲᠡᠶ ᠵᠣᠬᠢᠶᠠᠨ ᠪᠠᠶᠢᠭᠤᠯᠵᠤ᠂ ᠴᠢᠳᠠᠪᠤᠷᠢᠲᠠᠨ ᠤ ᠬᠡᠷᠡᠭᠴᠡᠭᠡ  ᠱᠠᠭᠠᠷᠳᠠᠯᠭ᠎ᠠ ᠶᠢᠨ ᠲᠣᠮᠣ ᠵᠠᠬ᠎ᠠ ᠳᠡᠯᠭᠡᠭᠦᠷ ᠢ ᠲᠠᠰᠤᠷᠠᠯᠲᠠ ᠥᠬᠡᠶ ᠥᠷᠭᠡᠳᠬᠡᠨ᠂ ᠥᠷᠭᠡᠨ ᠣᠯᠠᠨ ᠠᠵᠢᠯ ᠡᠷᠢᠭᠰᠡᠳ ᠲᠤ ᠨᠠᠩ ᠣᠨᠣᠪᠴᠢᠲᠠᠶ ᠠᠵᠢᠯ ᠲᠠᠨᠢᠯᠴᠠᠭᠤᠯᠬᠤ ᠦᠢᠯᠡᠴᠢᠯᠡᠭᠡ ᠬᠠᠩᠭᠠᠵᠤ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠠᠷᠠᠭᠠᠬᠢ ᠠᠵᠢᠯ ᠣᠯᠭᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠳᠲᠡᠷ ᠲᠦᠷᠭᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号