ᠪᠢᠯᠢᠭ ᠤᠨ ᠤᠯᠠᠷᠢᠯ ᠤᠨ ᠬᠤᠶᠠᠷ ᠰᠠᠷ᠎ᠠ ᠶᠢᠨ ᠰᠢᠨ᠎ᠡ ᠶᠢᠨ ᠬᠤᠶᠠᠷ ︽ᠯᠤᠤ ᠲᠣᠯᠣᠭᠠᠶ ᠥᠨᠳᠡᠶᠢᠬᠦ︾ | ᠤᠯᠠᠮᠵᠢᠯᠠᠯᠲᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠠᠷᠠᠳ ᠤᠨ ᠵᠠᠩ ᠦᠢᠯᠡ ᠶᠢᠨ ᠰᠣᠶᠣᠯ ᠢ | ᠤᠯᠠᠮᠵᠢᠯᠠᠨ ᠵᠠᠯᠭᠠᠮᠵᠢᠯᠠᠵᠤ᠂ ᠪᠠᠯᠭᠠᠰᠤᠨ ᠤ ᠨᠠᠰᠤᠲᠠᠶᠢᠴᠤᠳ ᠢ ᠴᠣ ᠰᠢᠨ᠎ᠡ ᠳᠦᠷᠰᠦ ᠪᠠᠶᠢᠳᠠᠯ ᠢᠶᠠᠷ ᠡᠬᠡ | ᠭᠠᠵᠠᠷ ᠲᠤ ᠤᠷᠢᠬᠠᠨ ᠬᠠᠪᠤᠷ ᠢ ᠤᠭᠲᠤᠭᠤᠯᠬᠤ ᠶᠢᠨ ᠲᠥᠯᠥᠭᠡ᠂ 2 ᠰᠠᠷ᠎ᠠ ᠶᠢᠨ 28 ᠤ ᠡᠳᠦᠷ᠂ | ᠬᠤᠶᠠᠷᠬᠤᠳᠳᠤᠭ ᠪᠠᠯᠭᠠᠰᠤ ︽ᠠᠮᠤᠷ ᠵᠢᠷᠭᠠᠯᠲᠠᠶ ᠪᠠᠷ ᠦᠳᠡᠯᠦᠭᠡ ᠨᠠᠰᠤ ᠪᠠᠨ ᠦᠩᠭᠡᠷᠡᠨ ᠦᠨᠢ ᠡᠭᠦᠷᠢᠳᠡ ᠬᠠᠨᠢ | ᠪᠣᠯᠬᠤ︾ ᠪᠤᠭᠤᠷᠤᠯ ᠭᠡᠵᠢᠭᠡ ᠪᠠᠨ ᠰᠢᠨ᠎ᠡ ᠪᠠᠷ ᠰᠣᠯᠢᠵᠤ ᠬᠠᠶᠢᠷ᠎ᠠ ᠬᠠᠯᠠᠮᠵᠢ ᠬᠦᠷᠭᠡᠬᠦ ᠬᠠᠶᠢᠴᠢᠯᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠪᠠ᠃ ᠲᠤᠰ ᠤᠳᠠᠭᠠᠨ ᠤ ᠠᠵᠢᠯᠯᠠᠭ᠎ᠠ ᠮᠢᠨ ᠱᠧᠩ ᠲᠣᠰᠬᠤᠨ ᠤ ᠠᠷᠠᠳ ᠤᠨ ᠵᠥᠪᠯᠡᠯ ᠳᠤ | ᠶᠠᠪᠤᠭᠳᠠᠵᠤ᠂ ᠮᠠᠰᠢ ᠤᠯᠠᠨ ᠨᠠᠰᠤᠲᠠᠶᠢᠴᠤᠳ ᠤᠨ ᠠᠩᠬᠠᠷᠤᠯ ᠢ ᠲᠠᠲᠠᠵᠠᠢ᠃ | ᠠᠵᠢᠯᠯᠠᠭ᠎ᠠ ᠶᠢᠨ ᠲᠤᠬᠠᠶ ᠶᠢᠨ ᠡᠳᠦᠷ᠂ ᠵᠧᠨ ᠰᠢᠨ ᠠᠶ ᠨᠢ ᠭᠡᠷ ᠬᠤᠷᠢᠶᠠᠯᠠᠯ ᠤᠨ ᠦᠢᠯᠡᠴᠢᠯᠡᠭᠡᠨ ᠤ ᠲᠥᠪ ᠤᠨ | ᠲᠤᠰᠬᠠᠶ ᠦᠰᠦ ᠵᠠᠰᠠᠭᠴᠢᠳ ᠥᠷᠯᠥᠭᠡ ᠡᠷᠲᠡ ᠬᠥᠳᠡᠯᠭᠡᠭᠡᠨ ᠤ ᠠᠬᠤᠶ ᠲᠠᠯᠠᠪᠠᠶ ᠳᠤ ᠬᠦᠷᠴᠦ᠂ ᠦᠰᠦ ᠵᠠᠰᠠᠬᠤ | ᠪᠠᠭᠠᠵᠢ ᠪᠠᠨ ᠲᠡᠷᠢ ᠲᠡᠭᠰᠢ ᠲᠠᠯᠪᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠲᠤᠰᠬᠠᠶ ᠮᠡᠷᠭᠡᠵᠢᠯ ᠤᠨ | ᠣᠪᠣᠷ ᠢᠶᠠᠷ ᠦᠰᠦ ᠵᠠᠰᠠᠬᠤ ᠪᠠᠷ ᠢᠷᠡᠭᠰᠡᠨ ᠨᠠᠰᠤᠲᠠᠨ ᠨᠢᠭᠡᠪᠦᠷᠢ ᠶᠢ ᠤᠭᠲᠤᠪᠠ᠃ ᠦᠰᠦ ᠵᠠᠰᠠᠭᠴᠢ ᠨᠠᠰᠤᠲᠠᠨ ᠢ | ᠳᠠᠭᠠᠭᠤᠯᠤᠨ ᠰᠠᠭᠤᠳᠠᠯ ᠳᠤ ᠰᠠᠭᠤᠯᠭᠠᠵᠤ᠂ ᠲᠠᠳᠠᠨ ᠲᠠᠢ ᠬᠦᠯᠢᠴᠡᠩᠭᠦᠶ ᠪᠠᠷ ᠶᠠᠷᠢᠯᠴᠠᠵᠤ᠂ ᠲᠠᠳᠠᠨᠤᠰ ᠤᠨ ᠦᠰᠦ | ᠵᠠᠰᠠᠬᠤ ᠱᠠᠭᠠᠷᠳᠠᠯᠭ᠎ᠠ ᠪᠠ ᠳᠤᠷ᠎ᠠ ᠪᠠᠬ᠎ᠠ ᠶᠢ ᠣᠶᠢᠯᠠᠭᠠᠳᠠᠭ᠃ ᠦᠰᠦ ᠵᠠᠰᠠᠬᠤ ᠶᠠᠪᠤᠴᠠ ᠳᠤ᠂ ᠦᠰᠦ ᠵᠠᠰᠠᠭᠴᠢ | ᠨᠠᠷ ᠤᠨ ᠠᠷᠭ᠎ᠠ ᠪᠠᠷᠢᠯ ᠪᠣᠯᠪᠠᠰᠤᠷᠠᠩᠭᠤᠶ᠂ ᠬᠥᠳᠡᠯᠦᠯ ᠪᠠᠷᠢᠯ ᠬᠥᠩᠭᠡᠨ᠂ ᠨᠢᠭᠡ ᠬᠠᠶᠢᠴᠢ ᠦᠰᠦ ᠵᠠᠰᠠᠭᠴᠢ ᠶᠢᠨ | ᠭᠠᠷ ᠲᠤ ᠤᠶᠠᠨ ᠬᠠᠲᠠᠨ ᠢᠶᠠᠷ ᠨᠢᠰᠦᠨ᠎ᠡ᠂ ᠴᠡᠯᠮᠡᠭ ᠭᠤᠷ ᠭᠡᠬᠦ ᠳᠠᠭᠤᠨ ᠢ ᠳᠠᠭᠠᠯᠳᠤᠨ᠂ ᠨᠠᠰᠤᠲᠠᠳ ᠤᠨ ᠦᠰᠦ ᠨᠢ | ᠡᠮᠬᠢ ᠴᠡᠭᠴᠡ ᠲᠠᠢ ᠪᠣᠯᠵᠤ᠂ ᠴᠤᠭ ᠵᠢᠪᠬᠤᠭ᠎ᠠ ᠨᠢ ᠴᠣ ᠰᠢᠨ᠎ᠡ ᠪᠣᠯᠵᠠᠶ᠃ | | | | ᠲᠣᠰ ᠤᠳᠠᠭᠠᠨ ᠤ ︽ᠠᠮᠤᠷ ᠵᠢᠷᠭᠠᠯᠲᠠᠶ ᠪᠠᠷ ᠦᠳᠡᠯᠦᠭᠡ ᠨᠠᠰᠤ ᠪᠠᠨ ᠦᠩᠭᠡᠷᠡᠨ ᠦᠨᠢ ᠡᠭᠦᠷᠢᠳᠡ ᠬᠠᠨᠢ | ᠪᠣᠯᠬᠤ︾ ᠬᠠᠶᠢᠷ᠎ᠠ ᠬᠠᠯᠠᠮᠵᠢ ᠶᠢᠨ ᠠᠵᠢᠯᠯᠠᠭ᠎ᠠ ᠨᠢ ᠨᠠᠰᠤᠲᠠᠶᠢᠴᠤᠳ ᠲᠤ ᠪᠣᠳᠠᠲᠠᠶ ᠬᠠᠪᠰᠤᠷᠤᠯᠭ᠎ᠠ ᠪᠠ ᠦᠢᠯᠡᠴᠢᠯᠡᠭᠡ | ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠨᠡᠶᠢᠭᠡᠮ ᠳᠠᠶᠠᠭᠠᠷ ᠲᠤ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ᠂ | ᠨᠠᠰᠤᠲᠠᠨ ᠢᠶᠠᠨ ᠬᠦᠨᠳᠦᠯᠡᠬᠦ ᠢᠳᠡᠪᠬᠢ ᠬᠦᠴᠦᠨ ᠢ ᠳᠠᠮᠵᠢᠭᠤᠯᠪᠠ᠃ ᠳᠠᠷᠠᠭᠠᠴᠢ ᠪᠠᠷ᠂ ᠬᠤᠶᠠᠷᠬᠤᠳᠳᠤᠭ ᠪᠠᠯᠭᠠᠰᠤ | ︽ᠪᠠᠭ᠎ᠠ ᠦᠢᠯᠡᠴᠢᠯᠡᠭᠡ︾ ᠪᠠᠷ ︽ᠶᠡᠭᠡ ᠵᠣᠯ ᠵᠢᠷᠭᠠᠯ︾ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠨᠡᠩ ᠤᠯᠠᠨ | ᠲᠦᠮᠡᠨ ᠳᠤ ᠨᠡᠩ ᠤᠯᠠᠨ ᠠᠷᠠᠳ ᠲᠤ ᠠᠰᠢᠭ ᠬᠦᠷᠲᠡᠭᠡᠬᠦ ᠪᠣᠯᠤᠨ᠎ᠠ᠃ ᠡᠭᠦᠨ ᠤ ᠬᠠᠮᠲᠤ᠂ ᠨᠠᠰᠤᠲᠠᠶᠢᠴᠤᠳ ᠢ | ᠬᠠᠯᠠᠮᠵᠢᠯᠠᠬᠤ ᠪᠠ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠲᠠᠶᠢᠴᠤᠳ ᠲᠤ ᠨᠠᠩ ᠵᠣᠯ | ᠵᠢᠷᠭᠠᠯ ᠲᠠᠢ᠂ ᠰᠠᠶᠢᠨ ᠰᠠᠶᠢᠬᠠᠨ ᠥᠲᠡᠯᠦᠭᠡ ᠨᠠᠰᠤᠨ ᠤ ᠠᠮᠢᠳᠤᠷᠠᠯ ᠢ ᠡᠭᠦᠳᠴᠦ ᠦᠨᠡᠨᠬᠦ ᠪᠠᠷ ᠴᠢᠷᠮᠠᠶᠢᠨ᠎ᠠ᠃ | | | | | | | | |