ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ | ᠬᠤᠩ ᠰᠢᠶᠠᠩ ᠭᠡᠷ ᠬᠤᠷᠢᠶᠠᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠬᠥᠲᠥᠯᠥᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠬᠤ ᠶᠢᠨ ᠲᠥᠯᠥᠭᠡ᠂ 2 ᠰᠠᠷ᠎ᠠ ᠶᠢᠨ 27 ᠤ ᠡᠳᠦᠷ ᠪᠤᠭᠤᠲᠤ ᠬᠤᠲᠠ ᠶᠢᠨ ᠬᠢᠲᠠᠳ ᠧᠦ᠋ᠷᠣᠫᠠ | ᠡᠮᠨᠡᠯᠭᠡ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠰᠠᠯᠠᠭᠠᠨ ᠤ ᠡᠮᠴᠢ ᠰᠤᠪᠢᠯᠠᠭᠴᠢ ᠶᠢ | ᠤᠷᠢᠵᠤ᠂ ᠴᠤᠤᠷᠢᠶ᠎ᠠ ᠪᠠ ᠸᠢᠴᠠᠲ ᠤᠨ ᠸᠢᠳᠢᠣ᠋ ᠨᠣᠮᠧᠷ ᠢᠶᠠᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠬᠢᠵᠦ᠂ | ᠡᠪᠡᠳᠬᠦ ᠪᠠᠷ ᠰᠡᠷᠭᠡᠶᠢᠯᠡᠨ ᠡᠷᠡᠭᠦᠯᠵᠢᠭᠦᠯᠬᠦ ᠮᠡᠳᠡᠯᠭᠡ ᠶᠢ ᠲᠦᠭᠡᠮᠡᠯᠵᠢᠭᠦᠯᠪᠡ᠃ | | | | ᠰᠢᠭᠤᠳ ᠨᠡᠪᠲᠡᠷᠡᠭᠦᠯᠭᠡ ᠬᠢᠬᠦ ᠦᠶ᠎ᠡ ᠳᠤ᠂ ᠪᠤᠭᠤᠲᠤ ᠬᠤᠲᠠ ᠶᠢᠨ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠯᠢᠦᠶ ᠬᠠᠶ ᠵᠢᠶᠦ᠋ᠨ ᠡᠷᠬᠢᠯᠡᠭᠴᠢ ᠪᠣᠯᠤᠨ ᠵᠣᠣ ᠾᠦᠢ | ᠰᠤᠪᠢᠯᠠᠭᠴᠢ ᠶᠢᠨ ᠳᠠᠷᠤᠭ᠎ᠠ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ ᠤᠨ ᠮᠡᠳᠡᠯᠭᠡ ᠪᠣᠯᠤᠨ ᠡᠯᠪᠡᠭ ᠪᠠᠶᠠᠯᠢᠭ | ᠡᠮᠴᠢᠯᠡᠭᠡᠨ ᠤ ᠲᠤᠷᠰᠢᠯᠭ᠎ᠠ ᠪᠠᠷ ᠢᠶᠠᠨ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ᠂ ᠪᠣᠳᠠᠲᠤ ᠵᠢᠱᠢᠶ᠎ᠡ ᠲᠠᠢ | ᠤᠶᠠᠯᠳᠤᠭᠤᠯᠤᠨ᠂ ᠡᠪᠡᠳᠬᠦ ᠪᠠᠷ ᠰᠡᠷᠭᠡᠶᠢᠯᠡᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠶᠢ ᠭᠦᠨᠵᠡᠭᠡᠶ ᠪᠥᠭᠡᠳ | ᠣᠶᠢᠯᠠᠭᠠᠮᠵᠢᠲᠠᠶ ᠪᠠᠷ ᠲᠠᠶᠢᠯᠪᠤᠷᠢᠯᠠᠵᠤ᠂ ᠪᠠᠰᠠ ᠲᠤᠬᠠᠶ ᠶᠢᠨ ᠲᠠᠯᠠᠪᠠᠶ ᠳᠤ ᠬᠡᠷᠡᠭᠯᠡᠭᠡᠨ ᠤ ᠡᠷᠡᠭᠦᠯᠵᠢᠯ ᠤᠨ | ᠬᠥᠳᠡᠯᠭᠡᠭᠡᠨ ᠢ ᠦᠵᠡᠭᠦᠯᠪᠡ᠃ ᠡᠨᠡ ᠬᠤᠭᠤᠴᠠᠭᠠᠨ ᠳᠤ ᠬᠢᠲᠠᠳ ᠡᠮ ᠡᠮᠨᠡᠯᠭᠡ ᠶᠢᠨ ᠤᠨᠴᠠᠯᠢᠭᠳᠤ ᠠᠷᠭ᠎ᠠ ᠶᠢ | ᠭᠤᠣᠯᠴᠢᠯᠠᠨ ᠲᠠᠨᠢᠯᠴᠠᠭᠤᠯᠵᠤ᠂ ᠥᠪᠡᠷᠮᠢᠴᠡ ᠬᠠᠳᠬᠤᠬᠤ ᠠᠷᠭ᠎ᠠ ᠨᠢ ᠰᠤᠳᠠᠯ ᠢ ᠨᠡᠪᠲᠡᠷᠡᠭᠦᠯᠦᠨ᠂ ᠡᠪᠡᠳᠬᠦ ᠶᠢ ᠨᠢ | ᠨᠠᠮᠳᠠᠭᠤᠯᠵᠤ᠂ ᠦᠵᠡᠭᠴᠢᠳ ᠤᠨ ᠳᠤᠷ᠎ᠠ ᠰᠣᠨᠢᠷᠬᠠᠯ ᠢ ᠲᠠᠲᠠᠵᠠᠶ᠃ ᠲᠣᠰ ᠤᠳᠠᠭᠠᠨ ᠤ ᠰᠢᠭᠤᠳ ᠨᠡᠪᠲᠡᠷᠡᠭᠦᠯᠭᠡ ᠨᠢ | ᠢᠯᠡᠳᠲᠡ ᠦᠷ᠎ᠡ ᠪᠦᠲᠦᠮᠵᠢ ᠣᠯᠵᠤ᠂ ᠭᠡᠷ ᠬᠤᠷᠢᠶᠠᠯᠠᠯ ᠤᠨ ᠤᠬᠠᠭᠤᠯᠭ᠎ᠠ ᠪᠠᠷ ᠳᠡᠮᠵᠢᠨ᠂ ᠦᠶ ᠣᠯᠠᠨ | ᠦᠵᠡᠭᠴᠢᠳ ᠤᠨ ᠠᠩᠬᠠᠷᠤᠯ ᠢ ᠲᠠᠲᠠᠵᠤ᠂ ᠴᠤᠤᠷᠢᠶ᠎ᠠ ᠪᠣᠯᠤᠨ ᠸᠢᠴᠠᠲ ᠤᠨ ᠸᠢᠳᠢᠣ᠋ ᠨᠣᠮᠧᠷ ᠤᠨ ᠬᠤᠶᠠᠷ | ᠲᠠᠪᠴᠠᠩ ᠳᠤ ᠨᠡᠶᠢᠲᠡ 39 ᠰᠢᠨ᠎ᠡ ᠨᠤᠨᠲᠠᠭ ᠨᠡᠮᠡᠵᠦ᠂ 38 ᠨᠠᠷᠢᠨ ᠰᠣᠩᠭᠤᠭᠰᠠᠨ ᠰᠢᠭᠦᠮᠵᠢ ᠶᠢ ᠣᠯᠵᠤ᠂ | 12000 ᠤᠳᠠᠭ᠎ᠠ ᠮᠠᠭᠲᠠᠨ ᠰᠠᠶᠢᠰᠢᠶᠠᠪᠠ᠃ ᠰᠢᠭᠤᠳ ᠨᠡᠪᠲᠡᠷᠡᠭᠦᠯᠭᠡ ᠨᠢ ᠰᠠᠭᠤᠭᠠᠯᠢ ᠠᠷᠠᠳ ᠲᠤ ᠡᠷᠡᠭᠦᠯ | ᠮᠡᠨᠳᠦ ᠶᠢᠨ ᠮᠡᠳᠡᠯᠭᠡ ᠶᠢ ᠤᠯᠠᠮᠵᠢᠯᠠᠵᠤ᠂ ᠡᠮᠴᠢ ᠪᠠ ᠡᠪᠡᠳᠴᠢᠲᠡᠨ ᠤ ᠬᠠᠷᠢᠯᠴᠠᠭᠠᠨ ᠤ ᠲᠠᠪᠴᠠᠩ ᠢ | ᠪᠠᠶᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠭᠡᠷ ᠬᠤᠷᠢᠶᠠᠯᠠᠯ ᠬᠢᠭᠡᠳ ᠬᠠᠮᠲᠤ ᠪᠠᠷ ᠪᠠᠶᠢᠭᠤᠯᠤᠭᠰᠠᠨ | ᠨᠢᠭᠡᠴᠡ ᠯᠦᠭᠡ ᠶᠢᠨ ᠬᠠᠷᠢᠯᠴᠠᠭ᠎ᠠ ᠶᠢ ᠨᠡᠮᠡᠭᠳᠡᠭᠦᠯᠵᠦ᠂ ᠨᠢᠭᠡᠳᠦᠯᠲᠡᠶ ᠰᠠᠶᠢᠨ ᠦᠨᠡᠯᠡᠯᠲᠡ ᠭᠥᠷᠳᠡᠪᠡ᠃ | ᠵᠠᠯᠭᠠᠭᠠᠳ᠂ ᠬᠤᠩ ᠰᠢᠶᠠᠩ ᠭᠡᠷ ᠬᠤᠷᠢᠶᠠᠯᠠᠯ ᠤᠨ ᠬᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠳᠣᠣᠷ᠎ᠠ᠂ ᠨᠠᠮ ᠤᠨ ᠪᠠᠶᠢᠭᠤᠯᠤᠯᠲᠠ ᠶᠢᠨ ᠬᠦᠳᠦᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ | ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠤᠯᠠᠮ ᠤᠯᠠᠨ ᠠᠳᠠᠯᠢᠪᠲᠤᠷ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ | ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠳᠠᠰᠤᠷᠠᠯᠳᠠ | ᠦᠭᠡᠢ ᠬᠠᠩᠭᠠᠵᠤ᠂ ᠰᠠᠭᠤᠭᠠᠯᠢ ᠠᠷᠠᠳ ᠤᠨ ᠡᠷᠡᠭᠦᠯ ᠰᠠᠷᠠᠭᠤᠯ ᠠᠮᠢᠳᠤᠷᠠᠯ ᠢ ᠬᠠᠮᠠᠭᠠᠯᠠᠵᠤ᠂ ᠡᠶ᠎ᠡ ᠵᠣᠬᠢᠴᠠᠩᠭᠤᠢ | ᠭᠡᠷ ᠬᠤᠷᠢᠶᠠᠯᠠᠯ᠂ ᠡᠷᠡᠭᠦᠯ ᠡᠩᠬᠡ ᠭᠡᠷ ᠬᠤᠷᠢᠶᠠᠯᠠᠯ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | | | | | | | |