| | 2025 ᠣᠨ ᠤ 3 ᠰᠠᠷ᠎ᠠ ᠶᠢᠨ 3 ᠤ ᠡᠳᠦᠷ᠂ ᠴᠠᠰᠤ ᠤᠷᠤᠭᠰᠠᠨ ᠠᠴᠠ ᠬᠠᠷᠢᠶᠠᠲᠤ ᠣᠷᠣᠨ ᠤ ᠵᠠᠮ | ᠬᠠᠷᠢᠯᠴᠠᠭ᠎ᠠ ᠳᠤ ᠬᠠᠲᠠᠭᠤ ᠰᠢᠯᠭᠠᠯᠲᠠ ᠠᠪᠴᠢᠷᠠᠪᠠ᠃ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ | ᠲᠥᠪ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠳᠠᠪᠰᠢᠯᠲᠠ ᠵᠠᠮ ᠤᠨ ᠠᠩᠭᠢ ᠪᠣᠯᠤᠨ ᠴᠧᠩ ᠯᠢᠶᠠᠩ | ᠵᠠᠮ ᠤᠨ ᠠᠩᠭᠢ ᠶᠢ ᠢᠳᠡᠪᠬᠢᠲᠡᠢ ᠵᠣᠬᠢᠶᠠᠨ ᠪᠠᠶᠢᠭᠤᠯᠵᠤ ᠴᠠᠰᠤ ᠠᠷᠢᠯᠭᠠᠬᠤ ᠠᠵᠢᠯ ᠢ ᠥᠷᠨᠢᠭᠦᠯᠵᠦ᠂ ᠮᠠᠭᠤ ᠴᠠᠭ | ᠠᠭᠤᠷ ᠢ ᠪᠦᠬᠦ ᠬᠦᠴᠦᠨ ᠢᠶᠠᠷ ᠢᠶᠠᠨ ᠠᠷᠭᠠᠴᠠᠭᠠᠪᠠ᠃ | ᠡᠨᠡ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠳᠤᠮᠳᠠ ᠲᠥᠪ ᠠᠴᠠ ᠴᠠᠰᠤ ᠠᠷᠢᠯᠭᠠᠬᠤ ᠲᠡᠷᠭᠡ ᠨᠢᠭᠡ᠂ | ᠬᠥᠷᠪᠡᠬᠦ ᠲᠡᠷᠭᠡ ᠨᠢᠭᠡ ᠲᠣᠬᠢᠷᠠᠭᠤᠯᠵᠤ᠂ ᠳᠠᠪᠰᠢᠯᠲᠡ ᠵᠠᠮ ᠤᠨ ᠲᠠᠰᠤᠭ ᠠᠴᠠ ᠠᠵᠢᠯ ᠢᠶᠠᠨ ᠡᠬᠢᠯᠡᠭᠦᠯᠵᠦ᠂ ᠱᠠ | ᠪᠢᠨ ᠱᠤᠭᠤᠮ ᠳᠤ 10 ᠺᠢᠯᠤᠮᠧᠲᠷ ᠴᠠᠰᠤ ᠱᠦᠭᠦᠷᠳᠡᠵᠦ᠂ ᠬᠠ ᠪᠢᠨ ᠱᠤᠭᠤᠮ ᠳᠤ12 ᠺᠢᠯᠤᠮᠧᠲᠷ ᠴᠠᠰᠤ | ᠱᠦᠭᠦᠷᠳᠡᠵᠦ᠂ ᠨᠠᠶᠢᠲᠠ 1 ᠲᠣᠨ ᠴᠠᠰᠤ ᠬᠠᠶᠢᠯᠠᠭᠤᠯᠬᠤ ᠡᠮ ᠰᠠᠴᠤᠵᠠᠶ᠃ ᠶᠦᠩ ᠲᠦ᠋ ᠱᠤᠭᠤᠮ ᠳᠤ | ᠴᠢᠭᠯᠡᠭᠦᠯᠦᠨ᠂ ᠳᠠᠪᠰᠢᠯᠲᠡ ᠵᠠᠮ ᠤᠨ ᠲᠠᠰᠤᠭ 1 ᠲᠡᠷᠭᠡ ᠬᠥᠳᠡᠯᠭᠡᠵᠦ᠂ 2 ᠲᠣᠨ ᠴᠠᠰᠤ ᠬᠠᠶᠢᠯᠤᠭᠤᠯᠬᠤ ᠡᠮ | ᠰᠠᠴᠤᠪᠠ᠃ ᠴᠧᠩ ᠯᠢᠶᠠᠩ ᠵᠠᠮ ᠤᠨ ᠠᠩᠭᠢ ᠠᠳᠠᠯᠢᠬᠠᠨ ᠢᠶᠠᠷ ᠲᠥᠪ ᠤᠨ ᠲᠣᠬᠢᠷᠠᠭᠤᠯᠤᠯᠲᠠ ᠳᠣᠣᠷ᠎ᠠ ᠢᠳᠡᠪᠬᠢᠲᠡᠢ | ᠬᠥᠳᠡᠯᠪᠡ᠃ 2 ᠲᠡᠷᠭᠡ᠂ 13 ᠠᠵᠢᠯᠲᠠᠨ ᠢ ᠡᠮᠦᠨ᠎ᠡ ᠹᠷᠣᠨᠲ ᠲᠤ ᠣᠴᠢᠭᠤᠯᠪᠠ᠃ ᠪᠠ ᠳ᠋ᠠ ᠱᠤᠭᠤᠮ ᠳᠤ 30 | ᠺᠢᠯᠣᠮᠧᠲᠷ ᠤᠨ ᠵᠠᠮ ᠳᠡᠭᠡᠷ᠎ᠡ ᠴᠠᠰᠤ ᠭᠠᠷᠭᠠᠬᠤ᠂ ᠶᠦᠩ ᠲᠤ ᠱᠤᠭᠤᠮ ᠳᠤ 20 ᠺᠢᠯᠣᠮᠧᠲᠷ ᠤᠨ ᠴᠠᠰᠤ ᠶᠢ | ᠭᠠᠷᠭᠠᠬᠤ ᠶᠢᠨ ᠬᠠᠮᠲᠤ᠂ ᠬᠥᠮᠦᠨ ᠤ ᠬᠦᠴᠦ ᠪᠠᠷ ᠸᠠᠨ ᠶᠦᠩ ᠱᠤᠭᠤᠮ ᠤᠨ 3000 ᠲᠡᠭᠰᠢ ᠮᠧᠲᠷ ᠤᠨ ᠴᠠᠰᠤ ᠶᠢ | ᠴᠡᠪᠡᠷᠯᠡᠵᠦ᠂ ᠵᠠᠮ ᠨᠡᠪᠲᠡᠷᠡᠯᠭᠡ ᠶᠢᠨ ᠨᠥᠬᠦᠴᠡᠯ ᠢ ᠰᠠᠶᠢᠵᠢᠷᠠᠭᠤᠯᠵᠠᠶ᠃ | ᠲᠣᠰ ᠤᠳᠠᠭᠠᠨ ᠤ ᠴᠠᠰᠤ ᠠᠷᠢᠯᠭᠠᠬᠤ ᠠᠵᠢᠯ ᠳᠤ᠂ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ | ᠲᠥᠪ ᠨᠡᠶᠢᠲᠡ 5 ᠲᠡᠷᠭᠡ᠂ 16 ᠬᠥᠮᠦᠨ᠂ 3 ᠲᠣᠨ ᠴᠠᠰᠤ ᠬᠠᠶᠢᠯᠤᠭᠤᠯᠬᠤ ᠡᠮ ᠰᠠᠴᠤᠵᠤ᠂ ᠴᠠᠰᠤ | ᠠᠷᠢᠯᠭᠠᠭᠰᠠᠨ ᠪᠥᠬᠦ ᠣᠷᠳᠣ ᠨᠢ 72 ᠺᠢᠯᠣᠮᠧᠲᠷ ᠲᠤ ᠬᠦᠷᠴᠦ᠂ ᠬᠥᠮᠦᠨ ᠤ ᠬᠦᠴᠦ ᠪᠠᠷ 3000 ᠲᠡᠭᠰᠢ | ᠳᠥᠷᠪᠡᠯᠵᠢᠨ ᠮᠧᠲᠷ ᠱᠦᠭᠦᠷᠳᠡᠵᠡᠶ᠃ ᠲᠥᠪ ᠤᠨ ᠨᠢᠭᠡᠳᠦᠯᠲᠡᠶ ᠵᠣᠬᠢᠴᠠᠭᠤᠯᠭ᠎ᠠ ᠪᠣᠯᠤᠨ ᠡᠯ᠎ᠡ ᠵᠠᠮ ᠤᠨ ᠠᠩᠭᠢ ᠶᠢᠨ | ᠬᠠᠮᠲᠤ ᠶᠢᠨ ᠴᠢᠷᠮᠠᠶᠢᠯᠭ᠎ᠠ ᠪᠠᠷ᠂ ᠬᠠᠷᠢᠶ᠎ᠠ ᠣᠷᠣᠨ ᠤ ᠭᠤᠤᠯ ᠵᠠᠮ ᠤᠨ ᠬᠤᠷᠠᠭᠰᠠᠨ ᠴᠠᠰᠤ ᠶᠢ ᠴᠠᠭ ᠲᠤᠬᠠᠶ ᠳᠤᠨᠢ | ᠴᠡᠪᠡᠷᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠴᠠᠰᠤᠨ ᠤ ᠨᠥᠯᠥᠭᠡ ᠶᠢ ᠪᠠᠭᠠᠰᠬᠠᠵᠤ᠂ ᠣᠯᠠᠨ ᠲᠦᠮᠡᠨ ᠤ ᠬᠡᠪ ᠤᠨ | ᠠᠶᠠᠯᠠᠯ ᠢ ᠪᠠᠲᠤᠯᠠᠵᠠᠶ᠃ | ᠲᠠᠷᠠᠭᠠᠴᠢ ᠪᠠᠷ᠂ ᠲᠤᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠴᠠᠭ | ᠠᠭᠤᠷ ᠤᠨ ᠬᠤᠪᠢᠷᠠᠯᠲᠠ ᠶᠢ ᠦᠷᠭᠦᠯᠵᠢᠯᠡᠨ ᠨᠢᠭᠲᠠ ᠠᠩᠬᠠᠷᠴᠤ᠂ ᠮᠠᠭᠤ ᠠᠭᠤᠷ ᠠᠮᠢᠰᠬᠤᠯ ᠢ ᠠᠷᠭᠠᠴᠠᠭᠠᠬᠤ | ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠰᠠᠭᠠᠳ ᠦᠭᠡᠢ | ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠪᠣᠯᠤᠨ᠎ᠠ᠃ | | | | | | | | |