ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠦᠢᠯᠡᠳᠪᠦᠷᠢ ᠶᠢᠨ ᠲᠥᠷᠥᠯ ᠵᠦᠢᠯ ᠤᠨ ᠡᠨᠧᠷᠭᠢ ᠣᠯᠭᠤᠬᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/3/5
    ᠣᠶᠢᠷ᠎ᠠ ᠳᠤ᠂ ᠲᠣᠭᠤᠷᠢᠭ ᠤᠨ ᠠᠵᠤ ᠦᠢᠯᠡᠳᠪᠦᠷᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠬᠠᠮᠵᠢᠯᠴᠠᠨ ᠪᠠᠶᠢᠷᠢᠰᠢᠭᠤᠯᠬᠤ ᠶᠢ ᠳᠠᠶᠢᠴᠢᠯᠠᠨ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠷᠥᠯ ᠵᠦᠢᠯ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠢᠵᠢ ᠪᠦᠷᠢᠳᠦᠭᠦᠯᠦᠯᠲᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠢᠦ ᠶᠤᠸᠠᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
111.jpg
    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠣᠷᠣᠨ ᠤ ᠳᠣᠲᠣᠷᠠᠬᠢ ᠬᠥᠭᠵᠢᠯᠲᠡ ᠶᠢᠨ ᠳᠠᠯᠳᠠ ᠬᠦᠴᠦᠨ ᠲᠠᠢ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠶᠢᠩ ᡁᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠦᠢᠯᠡᠳᠪᠦᠷᠢᠯᠡᠯ ᠰᠤᠳᠤᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ᠂ ᠢ ᠺᠧ ᠣᠨᠴᠠ ᠲᠥᠷᠥᠯ ᠤᠨ ᠬᠡᠢ ᠪᠡᠶᠡᠲᠦ ︵ᠪᠤᠭᠤᠲᠤ︶ ᠶᠢᠨ ᠬᠢᠵᠠᠭᠠᠷᠲᠤ ᠺᠣᠮᠫᠠᠨᠢ ᠶᠢᠨ ᠳᠡᠭᠡᠳᠦ ᠴᠡᠪᠡᠷ ᠡᠯᠧᠺᠲᠷᠣᠨ ᠬᠡᠢ ᠪᠡᠶᠡᠲᠦ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠵᠢᠴᠢ ᠪᠤᠭᠤᠲᠤ ᠶᠢᠨ ᠶᠦᠩ ᠾᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠪᠠ᠃ ᠪᠠᠶᠢᠴᠠᠭᠠᠨ ᠰᠤᠳᠤᠯᠬᠤ ᠶᠠᠪᠤᠴᠠ ᠳᠤ᠂ ᠡᠯ᠎ᠡ ᠲᠥᠷᠥᠯ ᠵᠦᠢᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠨᠠᠷᠢᠨ ᠣᠶᠢᠯᠠᠭᠠᠵᠤ᠂ ᠳᠤᠮᠳᠠᠬᠢ ᠦᠢᠯᠡᠳᠬᠦᠨ᠂ ᠲᠤᠰᠠᠯᠠᠬᠤ ᠦᠢᠯᠡᠳᠬᠦᠨ ᠤ ᠦᠢᠯᠡᠳᠪᠦᠷᠢᠯᠡᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠡᠯ᠎ᠡ ᠲᠥᠷᠥᠯ ᠵᠦᠢᠯ ᠤᠨ ᠠᠵᠤ ᠦᠢᠯᠡᠰ ᠤᠨ ᠬᠡᠯᠬᠢᠶ᠎ᠡ ᠳᠠᠬᠢ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠦᠲᠦᠮᠵᠢᠲᠡᠶ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠪᠡ᠃ ᠲᠣᠭᠤᠷᠢᠭ ᠤᠨ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠵᠧᠦ ᠡᠷᠬᠢᠯᠡᠭᠴᠢ ᠠᠴᠠ᠂ ᠦᠷᠭᠦᠯᠵᠢᠯᠡᠨ ᠡᠳᠡᠭᠡᠷ ᠲᠦᠷᠦᠯ ᠵᠦᠢᠯ ᠢ ᠮᠥᠷᠳᠡᠨ ᠳᠠᠭᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠨ ᠬᠥᠭᠵᠢᠬᠦ ᠶᠢᠨ ᠲᠣᠭᠤᠷᠢᠨ ᠳᠤ᠂ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠡᠯ᠎ᠡ ᠲᠦᠷᠦᠯ ᠵᠦᠢᠯ ᠤᠨ ᠤᠷᠤᠭᠰᠢᠲᠠᠢ ᠠᠰᠢᠭᠯᠠᠯᠲᠠ ᠳᠤ ᠣᠷᠣᠵᠤ ᠡᠵᠡᠩᠨᠡᠬᠦ ᠶᠢ ᠪᠠᠲᠤᠯᠠᠵᠤ᠂ ᠵᠢᠥ ᠶᠤᠸᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠶᠢ ᠪᠠᠬᠢᠵᠢᠭᠦᠯᠵᠦ᠂ ᠠᠵᠤ ᠦᠢᠯᠡᠰ ᠤᠨ ᠬᠠᠮᠵᠢᠯᠴᠠᠬᠤ ᠬᠦᠴᠦᠨ ᠢᠶᠠᠷ ᠰᠢᠨ᠎ᠡ ᠨᠢᠭᠡ ᠵᠢᠯ ᠳᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠨ᠎ᠡ ᠭᠡᠵᠦ ᠢᠯᠡᠳᠬᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号