ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠪᠦᠦ | ᠵᠢᠶᠦ᠋ᠨ ᠹᠧᠩ ᠨᠢᠭᠡ ᠪᠦᠯᠦᠭ ᠬᠦᠮᠦᠰ ᠢ ᠳᠠᠭᠠᠭᠤᠯᠤᠨ᠂ ᠵᠢᠦ ᠶᠤᠸᠠᠨ ᠲᠣᠭᠤᠷᠢᠭ ᠤᠨ ᠬᠤᠩ ᠰᠢᠶᠠᠩ ᠨᠡᠶᠢᠭᠡᠮ | ᠲᠣᠭᠤᠷᠢᠭ᠂ ᠬᠥ᠋ ᠴᠧᠩ ᠲᠣᠰᠬᠤᠨ ᠳᠤ ᠭᠦᠨᠵᠡᠭᠡᠶᠢᠷᠡᠵᠦ᠂ ᠲᠡᠮᠦᠷ ᠭᠤᠷᠪᠠᠯᠵᠢᠨ ᠤ ᠦᠨᠳᠦᠰᠦᠨ ᠱᠠᠲᠤᠨ ᠤ ᠪᠢᠴᠢᠯ | ᠵᠠᠰᠠᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠬᠤ ᠶᠢᠨ ᠬᠠᠮᠲᠤ ᠦᠨᠳᠦᠰᠦᠨ ᠱᠠᠲᠤᠨ ᠤ《 ᠵᠢᠵᠢᠭ | ᠮᠤᠷᠢ ᠶᠡᠭᠡ ᠲᠡᠷᠭᠡ ᠶᠢ ᠲᠠᠲᠠᠬᠤ》 ᠶᠢᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ《ᠡᠷᠬᠢᠨ ᠬᠠᠷᠠᠬᠤ》ᠠᠵᠢᠯᠯᠠᠭ᠎ᠠ ᠥᠷᠨᠢᠭᠦᠯᠪᠡ᠃ ᠵᠢᠤ ᠶᠤᠸᠠᠨ ᠲᠤᠭᠤᠷᠢᠭ ᠤᠨ ᠨᠠᠮ ᠤᠨ | ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠾᠧ ᡁᠢ ᠴᠢᠶᠠᠩ᠂ ᠳᠡᠳ᠋ ᠰᠠᠶᠢᠳ ᠹᠠᠨ ᠲᠢᠩ ᠲᠢᠩ | ᠵᠢᠴᠢ ᠬᠤᠯᠪᠣᠭᠳᠠᠯ ᠪᠥᠬᠦᠶ ᠵᠡᠭᠡᠯᠢ ᠪᠠᠯᠭᠠᠰᠤᠨ ᠤ ᠤᠳᠤᠷᠢᠳᠤᠯᠭ᠎ᠠ ᠪᠥᠬᠦ ᠶᠠᠪᠤᠴᠠ ᠳᠤ ᠣᠷᠣᠯᠴᠠᠵᠤ᠂ ᠦᠨᠳᠦᠰᠦᠨ | ᠱᠠᠲᠤᠨ ᠤ ᠵᠠᠰᠠᠯᠲᠠ ᠳᠤ《ᠰᠤᠳᠠᠯ ᠪᠠᠷᠢᠵᠤ ᠵᠤᠷ ᠪᠢᠴᠢᠭᠰᠡᠨ》ᠪᠠᠶᠢᠨ᠎ᠠ᠃ | ᠵᠢᠯᠣᠭᠤᠳᠬᠤ ᠳᠤᠭᠤᠶᠢᠯᠠᠩ ᠲᠤᠬᠠᠶ ᠶᠢᠨ ᠭᠠᠵᠠᠷ ᠲᠤ ᠬᠦᠷᠴᠦ ᠰᠤᠷᠪᠤᠯᠵᠢᠯᠠᠬᠤ ᠪᠠᠷ ᠳᠡᠮᠵᠢᠨ᠂ ᠬᠤᠶᠠᠷ | ᠭᠠᠵᠠᠷ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠥᠬᠦ ᠲᠠᠯ᠎ᠠ ᠪᠠᠷ | ᠣᠶᠢᠯᠠᠭᠠᠵᠤ᠂ ᠲᠡᠮᠦᠷ ᠭᠤᠷᠪᠠᠯᠵᠢᠨ ᠤ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠵᠠᠭᠪᠤᠷ ᠤᠨ ᠥᠨᠳᠥᠷ | ᠪᠦᠲᠦᠮᠵᠢᠲᠡᠶ ᠠᠵᠢᠯᠯᠠᠭᠠᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠠᠷᠠᠭᠠᠴᠢ ᠶᠢᠨ ᠠᠵᠢᠯ ᠳᠤ ᠴᠢᠭᠯᠡᠭᠦᠯᠦᠨ᠂ | ᠵᠢᠯᠣᠭᠤᠳᠬᠤ ᠳᠤᠭᠤᠶᠢᠯᠠᠩ ᠠᠴᠠ ᠬᠤᠶᠠᠷ ᠶᠡᠭᠡ ᠰᠠᠨᠠᠭᠤᠯᠭ᠎ᠠ ᠳᠤᠷᠠᠳᠪᠠ : ᠨᠢᠭᠡ ᠳᠤ《ᠨᠠᠮ ᠤᠨ ᠳᠤᠭᠤᠶᠢᠯᠠᠩ + | ᠲᠤᠤᠷᠵᠢᠭᠤᠯᠤᠭᠰᠠᠨ ᠬᠠᠮᠢᠶᠠᠷᠤᠯᠲᠠ ᠶᠢᠨ ᠭᠡᠰᠢᠭᠦᠨ + ᠡᠷᠦᠬᠡ ᠶᠢᠨ ᠬᠤᠯᠪᠣᠭᠠᠲᠤ ᠳᠠᠷᠤᠭ᠎ᠠ (ᠨᠢᠭᠡᠴᠢ ᠶᠢᠨ | ᠳᠠᠷᠤᠭ᠎ᠠ) 》 ᠶᠢᠨ ᠪᠦᠲᠦᠴᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ《ᠰᠡᠵᠢᠭᠦᠷ》 ᠢ | ᠬᠥᠭᠵᠢᠭᠡᠨ᠎ᠡ᠃ ᠪᠦᠷᠢᠯᠳᠦᠬᠦᠨ ᠤ《ᠬᠥᠮᠦᠨ ᠲᠠᠨᠢᠯ᠂ ᠭᠠᠵᠠᠷ ᠲᠠᠨᠢᠯ᠂ ᠤᠴᠢᠷ ᠶᠠᠪᠤᠳᠠᠯ ᠲᠠᠨᠢᠯ》ᠪᠠᠶᠢᠬᠤ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠳᠡᠷᠭᠡᠳᠡᠬᠢ《ᠦᠢᠯᠡᠴᠢᠯᠡᠭᠡᠨ ᠤ ᠡᠮᠦᠨ᠎ᠡ | ᠬᠠᠷᠠᠭᠤᠯ》 ᠢ ᠪᠣᠶ ᠪᠣᠯᠭᠠᠨ᠎ᠠ᠃ ᠡᠭᠦᠨ ᠤ ᠬᠠᠮᠲᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠪᠠᠷ ᠳᠠᠮᠵᠢᠭᠤᠯᠤᠨ᠂ ᠵᠥᠷᠢᠴᠡᠯ ᠢ ᠡᠶᠡᠳᠡᠭᠦᠯᠬᠦ᠂ ᠬᠡᠮ | ᠰᠣᠭᠤᠭ ᠢ ᠵᠢᠭᠰᠠᠭᠠᠨ ᠪᠠᠶᠢᠴᠠᠭᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ | ᠲᠤᠤᠷᠵᠢᠭᠤᠯᠤᠭᠴᠢ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠯᠪᠣᠭᠠᠲᠤ ᠡᠷᠦᠬᠡ ᠶᠢᠨ | ᠳᠠᠷᠤᠭ᠎ᠠ (ᠨᠢᠭᠡᠴᠢ ᠶᠢᠨ ᠳᠠᠷᠤᠭ᠎ᠠ) ᠶᠢ ᠣᠯᠠᠨ ᠲᠦᠮᠡᠨ ᠬᠢᠭᠡᠳ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠬᠤᠯᠪᠣᠬᠤ《ᠮᠡᠳᠡᠭᠡ ᠵᠠᠩᠭᠢ ᠶᠢᠨ ᠬᠥᠭᠦᠷᠭᠡ》ᠪᠠ ᠦᠨᠳᠦᠰᠦᠨ ᠱᠠᠲᠤᠨ ᠳᠤ | ᠭᠦᠨᠵᠡᠭᠡᠶᠢᠷᠡᠬᠦ《ᠵᠠᠰᠠᠯᠲᠠ ᠶᠢᠨ ᠬᠠᠶᠢᠭᠤᠯ ᠵᠡᠭᠦᠦ》ᠪᠣᠯᠭᠠᠨ᠎ᠠ᠃ ᠬᠤᠶᠠᠷ ᠲᠤ᠂ ᠪᠣᠳᠠᠲᠠᠢ ᠭᠠᠵᠠᠷ ᠲᠤᠨᠢ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ《ᠡᠷᠬᠢᠨ | ᠬᠠᠷᠠᠬᠤ》ᠠᠵᠢᠯ ᠢ ᠦᠷᠭᠦᠯᠵᠢᠯᠡᠨ ᠠᠬᠢᠭᠤᠯᠤᠨ᠎ᠠ᠃ ᠭᠠᠴᠠᠭ᠎ᠠ ᠲᠣᠰᠬᠤᠨ (ᠨᠡᠶᠢᠭᠡᠮ ᠲᠣᠭᠤᠷᠢᠭ) | ᠤ《ᠵᠢᠷᠭᠤᠭ᠎ᠠ ᠶᠢ ᠴᠡᠪᠡᠷᠯᠡᠵᠦ ᠬᠤᠶᠠᠷ ᠢ ᠴᠢᠩᠭᠠᠳᠬᠠᠬᠤ》ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠦᠨᠳᠦᠰᠦᠨ ᠱᠠᠲᠤᠨ ᠤ ᠺᠠᠳ᠋ᠷ ᠤᠨ ᠬᠦᠯᠢᠶᠡᠰᠦ ᠶᠢ ᠰᠤᠯᠠᠯᠠᠨ ᠳᠠᠷᠤᠭᠠᠰᠤ ᠶᠢ ᠨᠢ ᠬᠥᠩᠭᠡᠷᠡᠭᠦᠯᠵᠦ᠂ | ᠦᠷᠡᠠᠰᠢᠭ ᠢ ᠨᠢ ᠨᠡᠮᠡᠭᠳᠡᠭᠦᠯᠵᠦ᠂ ᠵᠠᠰᠠᠯᠲᠠ ᠶᠢ ᠨᠡᠩ ᠥᠨᠳᠥᠷ ᠪᠦᠲᠦᠮᠵᠢᠲᠡᠢ᠂ ᠦᠢᠯᠡᠴᠢᠯᠡᠭᠡ ᠶᠢ ᠨᠡᠩ ᠳᠣᠲᠣᠨᠣ | ᠪᠣᠯᠭᠠᠬᠤ ᠬᠡᠷᠡᠭᠲᠡᠢ᠃ | ᠡᠨᠡ ᠬᠤᠭᠤᠴᠠᠭᠠᠨ ᠳᠤ᠂ ᠭᠦ᠋ ᠴᠧᠩ ᠲᠣᠰᠬᠤᠨ ᠤ ᠶᠠᠨ ᠱᠦᠵᠢ ᠲᠡᠮᠤᠷ ᠭᠤᠷᠪᠠᠯᠵᠢᠨ ᠤ ᠵᠠᠭᠪᠤᠷ ᠤᠨ | ᠠᠪᠴᠢᠷᠠᠭᠰᠠᠨ ᠢᠯᠡᠳᠲᠡ ᠦᠷ᠎ᠡ ᠪᠦᠲᠦᠮᠵᠢ ᠶᠢ ᠬᠤᠪᠢᠶᠠᠯᠴᠠᠪᠠ :《ᠲᠡᠮᠤᠷ ᠭᠤᠷᠪᠠᠯᠵᠢᠨ ᠤ ᠦᠨᠳᠦᠰᠦᠨ | ᠱᠠᠲᠤᠨ ᠤ ᠪᠢᠴᠢᠯ ᠵᠠᠰᠠᠯᠲᠠ ᠶᠢᠨ ᠳᠡᠮᠵᠢᠯᠭᠡ ᠳᠣᠣᠷ᠎ᠠ᠂ ᠭᠦ᠋ ᠴᠧᠩ ᠲᠣᠰᠬᠤᠨ ᠤ ᠡᠷᠡᠭᠦᠦ ᠶᠢᠨ ᠬᠡᠷᠡᠭ᠂ ᠵᠠᠷᠭᠤ ᠶᠢᠨ | ᠬᠡᠷᠡᠭ᠂ ᠳᠡᠭᠡᠭᠰᠢ ᠰᠤᠷᠪᠤᠯᠵᠢᠯᠠᠭᠰᠠᠨ ᠬᠡᠷᠡᠭ〈ᠡᠭᠦᠰᠬᠦ ᠦᠭᠡᠢ〉ᠪᠠᠶᠢᠬᠤ ᠶᠢ ᠪᠡᠶᠡᠯᠡᠭᠦᠯᠵᠦ᠂ ᠪᠢᠳᠡ〈ᠪᠦᠬᠦ | ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡᠦᠵᠡᠭᠦᠯᠬᠦ ᠲᠣᠰᠬᠤᠨ〉 ᠤ ᠴᠣᠯᠠ ᠶᠢ ᠢᠷᠠᠭᠤ ᠠᠯᠳᠠᠷᠲᠠᠢ | ᠬᠦᠷᠳᠡᠭᠰᠡᠨ ᠪᠥᠭᠡᠳ ᠪᠠᠲᠤᠯᠠᠬᠤ ᠳᠤ ᠢᠲᠡᠭᠡᠯ ᠲᠡᠭᠦᠯᠳᠡᠷ ᠪᠠᠶᠢᠨ᠎ᠠ᠃ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠠᠵᠢᠯ ᠢ ᠥᠷᠨᠢᠭᠦᠯᠦᠭᠰᠡᠨ ᠤ ᠲᠠᠷᠠᠭ᠎ᠠ᠂ ᠮᠠᠨ ᠤ ᠠᠵᠢᠯ ᠤᠨ ᠭᠤᠣᠯᠳᠠᠯᠭ᠎ᠠ ᠨᠡᠩ ᠲᠣᠳᠣᠷᠬᠠᠢ ᠪᠤᠯᠵᠤ᠂ | ᠨᠡᠩ ᠤᠯᠠᠨ ᠴᠠᠭ ᠪᠣᠯᠤᠨ ᠤᠶᠤᠨ ᠴᠢᠳᠠᠯ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠤᠨ | ᠲᠣᠰᠬᠤᠨ ᠤ ᠠᠷᠠᠳ ᠤᠨ ᠦᠢᠯᠡᠴᠢᠯᠡᠭᠡ ᠳᠤ ᠣᠷᠣᠯᠴᠠᠪᠠ᠃ ᠨᠢᠳᠤᠨᠤᠨ᠂ ᠪᠢᠳᠡ ᠮᠥᠰᠥ ᠴᠠᠰᠤᠨ ᠤ ᠵᠤᠭ᠎ᠠ | ᠴᠡᠩᠭᠡᠯ᠂ ᠬᠥᠳᠡᠯᠭᠡᠬᠦ ᠬᠦᠴᠦᠨ ᠦᠭᠡᠢ ᠴᠡᠩᠭᠡᠯ ᠤᠨ ᠬᠦᠷᠢᠶᠡᠯᠡᠩ᠂ ᠳᠠᠯᠠᠨ ᠪᠤᠯᠠᠭ ᠮᠦᠽᠧᠢ ᠶᠢᠨ ᠡᠵᠡᠩᠨᠡᠯᠲᠡ | ᠵᠢᠴᠢ ᠢᠳᠡᠭᠡᠨ ᠤᠮᠳᠠᠭᠠᠨ ᠬᠤᠨᠤᠭ ᠪᠠᠭᠤᠳᠠᠯ ᠵᠡᠷᠭᠡ ᠠᠵᠤ ᠦᠢᠯᠡᠰ ᠤᠨ ᠲᠠᠯ᠎ᠠ ᠪᠠᠷ ᠴᠥᠮ ᠢᠯᠡᠳᠲᠡ ᠠᠮᠵᠢᠯᠲᠠ | ᠣᠯᠵᠠᠢ᠃》 | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠲᠣᠰ | ᠤᠳᠠᠭᠠᠨ ᠤ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠭᠤᠷᠪᠠᠨ ᠶᠡᠭᠡ ᠴᠢᠭᠯᠡᠯ ᠳᠤ ᠤᠨᠤᠪᠴᠢᠲᠠᠢ ᠪᠠᠷ | ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠬᠦ ᠪᠣᠯᠤᠨ᠎ᠠ᠃ ᠨᠢᠭᠡ ᠳᠤ ᠲᠣᠭᠲᠠᠮᠠᠯ | ᠬᠤᠭᠤᠴᠠᠭ᠎ᠠ ᠲᠠᠢ ᠪᠠᠷ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ | ᠪᠣᠯᠪᠠᠰᠤᠷᠠᠭᠤᠯᠵᠤ᠂《ᠶᠡᠷᠦᠩᠬᠡᠶ ᠰᠠᠯᠠᠭᠠᠨ ᠤ ᠬᠡᠯᠪᠡᠷᠢ》 ᠶᠢᠨ ᠦᠨᠳᠦᠰᠦᠨ ᠱᠠᠲᠤᠨ ᠤ ᠵᠠᠰᠠᠯᠲᠠ ᠶᠢᠨ ᠡᠩᠨᠡᠭᠡ ᠶᠢ | ᠪᠤᠶᠢᠵᠢᠭᠤᠯᠤᠨ᠎ᠠ᠃ ᠬᠤᠶᠠᠷ ᠲᠤ᠂《ᠳᠡᠮᠤᠷ ᠭᠤᠷᠪᠠᠯᠵᠢᠨ》 ᠬᠠᠮᠵᠢᠯᠴᠠᠭᠠᠨ ᠤ ᠲᠣᠭᠲᠠᠴᠠ ᠶᠢ ᠰᠢᠯᠢᠳᠡᠭᠵᠢᠭᠦᠯᠵᠦ᠂ | 《ᠪᠠᠭ᠎ᠠ ᠶᠠᠪᠤᠳᠠᠯ ᠠᠴᠠ ᠲᠤᠤᠷᠴᠢᠯᠠᠯ ᠭᠠᠷᠬᠤ ᠦᠬᠡᠢ᠂ ᠶᠡᠭᠡ ᠶᠠᠪᠤᠳᠠᠯ ᠭᠡᠷ ᠬᠤᠷᠢᠶᠠᠯᠠᠯ ᠠᠴᠠ ᠭᠠᠷᠬᠤ | ᠦᠬᠡᠢ》ᠪᠠᠶᠢᠬᠤ ᠶᠢ ᠪᠡᠶᠡᠯᠡᠭᠦᠯᠦᠨ᠎ᠡ᠃ ᠭᠤᠷᠪᠠ ᠳᠤ᠂ ᠬᠠᠷᠢᠶ᠎ᠠ ᠣᠷᠣᠨ ᠤ ᠡᠬᠢ ᠪᠠᠶᠠᠯᠢᠭ ᠢ ᠨᠡᠶᠢᠳᠬᠡᠵᠦ᠂ ᠰᠠᠶᠢᠨ | ᠲᠤᠷᠠᠴᠤᠳ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠬᠦᠴᠦᠨ ᠢ ᠲᠠᠶᠢᠴᠢᠯᠠᠨ ᠬᠠᠮᠲᠤ ᠪᠠᠷ | ᠣᠷᠣᠯᠴᠠᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ | ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠤᠨ᠎ᠠ᠃ | | | | | | | | |