ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠯᠠᠨ | ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠴᠢᠩᠭᠠᠷᠠᠭᠤᠯᠬᠤ ᠶᠢᠨ ᠲᠥᠯᠥᠭᠡ᠂ 2024 ᠣᠨ ᠤ ᠡᠴᠦᠰ ᠲᠤ᠂ | ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠥᠰᠦᠪ ᠤᠨ ᠠᠮᠵᠢᠯᠲᠠ ᠪᠦᠲᠦᠮᠵᠢ ᠶᠢ | ᠥᠪᠡᠰᠦᠪᠡᠨ ᠦᠨᠡᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠥᠪᠡᠰᠦᠪᠡᠨ | ᠦᠨᠡᠯᠡᠬᠦ ᠬᠡᠪᠴᠢᠶ᠎ᠡ ᠨᠢ ᠪᠥᠬᠦ ᠲᠤᠭᠤᠷᠢᠭ ᠤᠨ 2023 ᠣᠨ ᠤ ᠪᠣᠶ ᠪᠥᠬᠦᠶ ᠲᠥᠰᠦᠪ ᠤᠨ ᠲᠥᠷᠥᠯ ᠵᠦᠢᠯ ᠢ ᠪᠥᠬᠦ | ᠲᠠᠯ᠎ᠠ ᠪᠠᠷ ᠬᠠᠮᠤᠷᠴᠤ᠂ ᠡᠭᠦᠨ ᠳᠤ ᠰᠠᠯᠠᠭ᠎ᠠ ᠮᠥᠴᠢᠷ ᠤᠨ ᠲᠥᠰᠦᠪ ᠤᠨ ᠲᠥᠷᠥᠯ ᠵᠦᠢᠯ᠂ ᠰᠠᠯᠠᠭ᠎ᠠ ᠮᠥᠴᠢᠷ ᠤᠨ | ᠪᠦᠬᠦᠯᠢ ᠴᠣᠭᠴᠠ ᠶᠢᠨ ᠲᠥᠷᠥᠯ ᠵᠦᠢᠯ ᠵᠢᠴᠢ ᠲᠤᠰᠬᠠᠶ ᠪᠠᠯᠠ ᠮᠥᠩᠭᠦ ᠶᠢᠨ ᠲᠥᠷᠥᠯ ᠵᠦᠢᠯ ᠪᠠᠭᠲᠠᠨ᠎ᠠ᠃ ᠤᠳᠤ | ᠪᠣᠯᠲᠠᠯ᠎ᠠ᠂ ᠲᠣᠰ ᠠᠵᠢᠯ ᠢ ᠨᠢᠭᠡᠨᠲᠡ ᠲᠡᠭᠦᠰ ᠠᠮᠵᠢᠯᠲᠠ ᠲᠠᠢ ᠪᠡᠶᠡᠯᠡᠭᠦᠯᠪᠡ᠃ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠶᠢᠨ ᠲᠦᠷᠦᠭᠦᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ | ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠂ ᠲᠥᠷᠥᠯ ᠵᠦᠢᠯ ᠬᠢᠭᠡᠳ | ᠠᠵᠢᠯ ᠤᠨ ᠠᠮᠵᠢᠯᠲᠠ ᠪᠦᠲᠦᠮᠵᠢ ᠶᠢ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠵᠥᠪ ᠬᠥᠭᠵᠢᠯᠲᠡ ᠶᠢᠨ ᠦᠵᠡᠯᠲᠡ | ᠪᠠ ᠠᠵᠢᠯ ᠤᠨ ᠠᠮᠵᠢᠯᠲᠠ ᠶᠢᠨ ᠦᠵᠡᠯᠲᠡ ᠶᠢ ᠤᠯᠠᠮ ᠨᠢᠭᠡ ᠠᠯᠬᠤᠮ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠢ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠲᠣᠰ ᠤᠳᠠᠭᠠᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢ ᠥᠪᠡᠰᠦᠪᠡᠨ | ᠦᠨᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠢᠨᠠᠨ ᠬᠠᠷᠭᠤᠭᠤᠯᠬᠤ ᠳᠤᠮᠳᠠ ᠣᠯᠵᠤ ᠮᠡᠳᠡᠭᠰᠡᠨ ᠬᠡᠰᠡᠭ ᠲᠥᠷᠥᠯ | ᠵᠦᠢᠯ ᠳᠤ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠨᠢ ᠰᠢᠨᠵᠢᠯᠡᠬᠦ ᠤᠬᠠᠭᠠᠨᠴᠢ ᠪᠤᠰᠤ᠂ | ᠭᠦᠢᠴᠡᠳᠬᠡᠯ ᠲᠤᠭ᠎ᠠ ᠶᠢ ᠰᠣᠩᠭᠤᠨ ᠬᠡᠷᠡᠭᠯᠡᠭᠰᠡᠨ ᠨᠢ ᠵᠦᠶ ᠵᠣᠬᠢᠰ ᠥᠬᠡᠶ ᠵᠡᠷᠭᠡ ᠠᠰᠠᠭᠤᠳᠠᠯ ᠣᠷᠣᠰᠢᠵᠤ | ᠪᠠᠶᠢᠭ᠎ᠠ ᠳᠤ ᠴᠢᠭᠯᠡᠭᠦᠯᠦᠨ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ | ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠭᠡᠳᠡᠷᠭᠦ ᠵᠢᠭᠰᠠᠭᠠᠨ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ | ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠡᠯ᠎ᠡ ᠲᠥᠰᠦᠪ ᠤᠨ ᠨᠢᠭᠡᠴᠡ ᠶᠢ ᠰᠢᠮᠳᠠᠭᠤᠯᠵᠤ ᠪᠠᠶᠢᠭᠠᠳ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠥᠪᠡᠷ ᠢ ᠪᠠᠨ ᠦᠨᠡᠯᠡᠭᠰᠡᠨ ᠦᠷ᠎ᠡ ᠳ᠋ᠦᠩ ᠤᠨ《ᠳᠣᠬᠢᠭᠤᠷ》 ᠢ | ᠰᠠᠶᠢᠲᠤᠷ ᠬᠡᠷᠡᠭᠯᠡᠨ᠎ᠡ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠦᠨᠡᠨ ᠬᠦ ᠪᠠᠬᠢᠵᠢᠭᠦᠯᠬᠦ ᠶᠢᠨ | ᠲᠥᠯᠥᠭᠡ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠬᠥᠮᠦᠨ ᠢ ᠵᠣᠬᠢᠶᠠᠨ | ᠪᠠᠶᠢᠭᠤᠯᠤᠨ ᠬᠤᠶᠠᠳᠠᠬᠢ ᠤᠳᠠᠭ᠎ᠠ ᠬᠢᠨᠠᠨ ᠬᠠᠷᠭᠤᠭᠤᠯᠵᠤ᠂ ᠪᠣᠶ ᠪᠥᠬᠦᠶ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠦᠨᠡᠯᠡᠬᠦ ᠪᠠᠷ ᠬᠡᠷᠡᠭᠯᠡᠬᠦ ᠶᠢ ᠠᠬᠢᠭᠤᠯᠬᠤ᠂ ᠦᠨᠡᠯᠡᠬᠦ ᠪᠠᠷ | ᠥᠭᠡᠷᠡᠴᠢᠯᠡᠯᠲᠡ ᠶᠢ ᠠᠬᠢᠭᠤᠯᠬᠤ ᠶᠢ ᠪᠡᠶᠡᠯᠡᠭᠦᠯᠵᠦ᠂ ᠠᠮᠵᠢᠯᠲᠠ ᠪᠦᠲᠦᠮᠵᠢ ᠶᠢ ᠥᠪᠡᠰᠦᠪᠡᠨ | ᠦᠨᠡᠯᠡᠬᠦ ᠶᠢᠨ《ᠰᠡᠭᠦᠯᠴᠢ ᠶᠢᠨ ᠬᠠᠭᠠᠰ ᠵᠤᠬᠢᠶᠠᠯ》 ᠢ ᠦᠨᠡᠨ ᠬᠦ ᠰᠠᠶᠢᠲᠤᠷ ᠬᠢᠵᠦ᠂ ᠠᠮᠵᠢᠯᠲᠠ ᠪᠦᠲᠦᠮᠵᠢ ᠶᠢ | ᠥᠪᠡᠰᠦᠪᠡᠨ ᠦᠨᠡᠯᠡᠭᠰᠡᠨ ᠦᠷ᠎ᠡ ᠳ᠋ᠦᠩ ᠢᠶᠠᠨ ᠲᠥᠷᠥᠯ ᠵᠦᠢᠯ ᠠᠴᠠ ᠤᠯᠵᠤ᠂ ᠲᠥᠷᠥᠯ ᠵᠦᠢᠯ ᠳᠤ ᠠᠰᠢᠭ | ᠬᠦᠷᠲᠡᠭᠡᠬᠦ ᠶᠢ ᠠᠬᠢᠭᠤᠯᠪᠠ᠃ | ᠲᠠᠷᠠᠭᠠᠴᠢ ᠪᠠᠷ᠂ ᠮᠠᠨ ᠤ ᠲᠣᠪᠴᠢᠶ᠎ᠠ ᠲᠥᠰᠦᠪ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ | ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ | ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠶᠠᠰᠤ ᠴᠢᠨᠠᠷ ᠢ ᠬᠦᠴᠦᠯᠡᠨ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠷᠭᠦᠯᠵᠢᠯᠡᠨ | ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠯᠠᠮ ᠪᠠᠲᠤ ᠪᠠᠬᠢ ᠡᠳ᠋ ᠤᠨ | ᠵᠠᠰᠠᠭ ᠤᠨ ᠪᠠᠲᠤᠯᠠᠭ᠎ᠠ ᠬᠠᠩᠭᠠᠨ᠎ᠠ᠃ | | | | | | | | | | |