ᠭᠤᠤᠯ ᠤᠨ ᠵᠠᠮ ᠢ ᠴᠠᠭᠳᠠᠨ ᠪᠠᠶᠢᠴᠠᠭᠠᠵᠤ ᠤᠰᠤᠨ ᠣᠷᠣᠨ ᠤ ᠠᠮᠤᠷ ᠲᠦᠪᠰᠢᠨ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2025/3/5
    ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠠᠴᠠ ᠭᠤᠤᠯ ᠤᠨ ᠵᠠᠮ ᠢ ᠰᠢᠪᠠᠳᠠᠨ ᠪᠠᠶᠢᠴᠠᠭᠠᠵᠤ ᠰᠤᠭᠤᠴᠢᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠤ ᠶᠤᠸᠠᠨ ᠲᠣᠭᠤᠷᠢᠭ ᠤᠨ ᠭᠤᠤᠯᠳᠠᠯᠭ᠎ᠠ ᠲᠠᠢ ᠭᠤᠤᠯ ᠤᠨ ᠵᠠᠮ ᠢ ᠨᠢᠭᠡᠳ ᠨᠢᠭᠡ ᠪᠠᠷ ᠲᠣᠭᠤᠷᠢᠨ ᠪᠠᠶᠢᠴᠠᠭᠠᠵᠤ᠂  ᠬᠡᠪᠴᠢᠶ᠎ᠡ ᠨᠢ ᠬᠠᠲᠤᠨ ᠭᠤᠤᠯ᠂ ᠬᠥᠨᠳᠡᠯᠡᠨ ᠭᠤᠤᠯ᠂ ᠮᠡᠷᠭᠡᠨ ᠭᠤᠤ᠂  ᠬᠠᠳᠠᠮᠠᠨ ᠭᠤᠤ᠂ ᠤᠯᠠᠭᠠᠨᠪᠤᠯᠠᠭ ᠭᠤᠤᠯ ᠵᠡᠷᠭᠡ ᠭᠤᠤᠯ ᠪᠤᠯᠬᠤ ᠭᠤᠤᠯ ᠤᠨ ᠵᠠᠮ ᠢ ᠬᠠᠮᠤᠷᠴᠠᠶ᠃    ᠠᠵᠢᠯᠯᠠᠭ᠎ᠠ ᠶᠢ ᠶᠠᠪᠠᠭᠠᠨ ᠶᠠᠪᠤᠬᠤ᠂ ᠲᠡᠷᠭᠡ ᠵᠢᠯᠣᠭᠤᠳᠬᠤ᠂ ᠵᠢᠯᠣᠭᠤᠴᠢ ᠥᠬᠡᠶ ᠨᠢᠰᠬᠡᠯ ᠢ ᠨᠢᠰᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠭᠤᠤᠯ ᠤᠨ ᠬᠤᠶᠠᠷ ᠡᠷᠭᠢ ᠶᠢᠨ ᠬᠠᠰᠢᠯᠭ᠎ᠠ ᠶᠢᠨ ᠠᠮᠤᠷ ᠲᠦᠪᠰᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠠ᠃ ᠵᠢᠤ ᠶᠤᠸᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠲᠣᠭᠤᠷᠢᠨ ᠪᠠᠶᠢᠴᠠᠭᠠᠬᠤ ᠳᠤᠮᠳᠠ ᠪᠠᠨ ᠣᠯᠵᠤ ᠮᠡᠳᠡᠭᠰᠡᠨ ᠨᠢ᠂ ᠵᠠᠮ᠂ ᠬᠥᠭᠦᠷᠭᠡ ᠪᠣᠯᠤᠨ ᠭᠤᠤᠯ ᠤᠨ ᠠᠭᠤᠯᠵᠠᠷ ᠤᠨ ᠭᠠᠵᠠᠷ ᠪᠣᠯ ᠬᠤᠭ ᠨᠣᠪᠰᠢ ᠬᠠᠶᠠᠬᠤ ᠬᠦᠨᠳᠦ ᠭᠠᠮᠰᠢᠭᠳᠠᠭᠰᠠᠨ ᠣᠷᠣᠨ ᠪᠠᠶᠢᠵᠤ᠂ ᠬᠡᠰᠡᠭ ᠭᠤᠤᠯ ᠤᠨ ᠬᠡᠰᠡᠭ ᠲᠤ ᠣᠷᠣᠰᠢᠵᠤ ᠪᠠᠶᠢᠭ᠎ᠠ ᠬᠤᠭ ᠨᠣᠪᠰᠢ ᠣᠪᠣᠭᠠᠯᠠᠭᠰᠠᠨ ᠵᠡᠷᠭᠡ ᠪᠠᠶᠢᠳᠠᠯ ᠢ ᠨᠢᠭᠡᠨᠲᠡ ᠬᠠᠷᠢᠶ᠎ᠠ ᠵᠡᠭᠡᠯᠢ ᠪᠠᠯᠭᠠᠰᠤᠨ ᠳᠤ ᠬᠠᠷᠢᠭᠤ ᠲᠤᠰᠬᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠵᠤ ᠳᠠᠭᠤᠰᠬᠠᠬᠤ ᠶᠢᠨ ᠬᠠᠮᠲᠤ ᠦᠷᠭᠦᠯᠵᠢᠯᠡᠨ ᠭᠤᠤᠯᠳᠠᠯᠭ᠎ᠠ ᠲᠠᠢ ᠠᠩᠬᠠᠷᠬᠤ ᠬᠡᠷᠡᠭᠲᠡᠶ ᠭᠡᠵᠦ ᠱᠠᠭᠠᠷᠳᠠᠪᠠ᠃ ᠵᠢᠤ ᠶᠤᠸᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠠᠴᠠ ᠭᠤᠤᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠬᠠᠮᠠᠭᠠᠯᠠᠵᠤ ᠬᠢᠨᠠᠨ ᠬᠠᠮᠢᠶᠠᠷᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠵᠤ ᠬᠠᠮᠢᠶᠠᠷᠬᠤ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠢ ᠰᠠᠬᠢᠬᠤ ᠬᠠᠷᠢᠭᠤᠴᠠᠯᠭ᠎ᠠ ᠲᠠᠢ ᠪᠠᠶᠢᠬᠤ᠂ ᠭᠤᠤᠯ ᠮᠥᠷᠡᠨ ᠨᠠᠭᠤᠷ ᠴᠥᠭᠦᠷᠥᠮ ᠢ ᠰᠠᠬᠢᠬᠤ ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号