ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠤᠰᠤ ᠲᠠᠲᠠᠬᠤ ᠠᠮᠠᠰᠠᠷ ᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/5
11.jpg
      ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠤᠨ ᠱᠠᠭᠠᠷᠳᠠᠯᠭ᠎ᠠ ᠶᠣᠰᠣᠭᠠᠷ᠂ 2 ᠰᠠᠷ᠎ᠠ ᠶᠢᠨ 28 ᠤ ᠡᠳᠦᠷ᠂ ᠵᠢᠤ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠵᠤ ᠂ ᠬᠤᠶᠠᠷᠬᠤᠳᠳᠤᠭ ᠤᠨ ᠴᠠᠶᠢᠨᠤᠪᠤᠭ᠎ᠠ ᠨᠢᠭᠡ ᠲᠣᠰᠬᠤᠨ ᠤ ᠤᠰᠤ ᠲᠠᠲᠠᠬᠤ ᠠᠮᠠᠰᠠᠷ ᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠪᠠ᠃    ᠠᠵᠢᠯᠲᠠᠳ ᠴᠠᠶᠢᠨᠤᠪᠤᠭ᠎ᠠ ᠨᠢᠭᠡ ᠲᠣᠰᠬᠤᠨ ᠤ ᠤᠰᠤ ᠲᠠᠲᠠᠬᠤ ᠬᠡᠮᠵᠢᠯᠲᠡ ᠶᠢᠨ ᠲᠦᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠵᠢᠭᠰᠠᠭᠠᠨ ᠪᠠᠶᠢᠴᠠᠭᠠᠵᠤ᠂ ᠡᠯ᠎ᠡ ᠤᠰᠤ ᠲᠠᠲᠠᠬᠤ ᠡᠷᠦᠬᠡ ᠶᠢᠨ ᠤᠰᠤ ᠲᠠᠲᠠᠭᠰᠠᠨ ᠲᠡᠮᠳᠡᠭᠯᠡᠯ ᠢ ᠬᠠᠷᠭᠤᠭᠤᠯᠤᠨ᠂ ᠪᠥᠬᠦ ᠤᠰᠤ ᠲᠠᠲᠠᠬᠤ ᠴᠡᠭ ᠤᠨ ᠤᠰᠤᠨ ᠤ ᠬᠡᠮᠵᠢᠭᠦᠷ ᠤᠨ ᠪᠣᠳᠠᠲᠠᠶ ᠲᠤᠭ᠎ᠠ ᠪᠠᠷᠢᠮᠲᠠ ᠶᠢ ᠰᠡᠭᠦᠳᠡᠷᠯᠡᠨ ᠲᠡᠮᠳᠡᠭᠯᠡᠪᠡ᠃ ᠬᠠᠷᠭᠤᠭᠤᠯᠤᠨ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠠᠵᠢᠯᠲᠠᠨ ᠤᠰᠤ ᠠᠪᠬᠤ ᠡᠷᠦᠬᠡ ᠯᠦᠭᠡ ᠬᠡᠮᠵᠢᠯᠲᠡ ᠶᠢᠨ ᠪᠡᠯᠡᠳᠬᠡᠮᠵᠢ ᠶᠢᠨ ᠴᠢᠬᠤᠯᠠ ᠠᠴᠢ ᠬᠤᠯᠪᠣᠭᠳᠠᠯ ᠢ ᠨᠢᠭᠤᠷᠲᠠᠨ ᠰᠣᠯᠢᠯᠴᠠᠵᠤ᠂ ᠬᠢᠨᠠᠨ ᠬᠡᠮᠵᠢᠬᠦ ᠪᠡᠯᠡᠳᠬᠡᠮᠵᠢ ᠪᠣᠯᠤᠨ ᠬᠢᠨᠠᠨ ᠬᠡᠮᠵᠢᠬᠦ ᠲᠡᠮᠳᠡᠭ ᠢ ᠡᠪᠳᠡᠨ ᠰᠦᠢᠳᠬᠡᠭᠰᠡᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠤ ᠬᠦᠨᠳᠦ ᠨᠣᠴᠢᠲᠠᠶ ᠦᠷ᠎ᠡ ᠤᠷᠰᠢᠭ ᠢ ᠲᠤᠳᠤᠷᠬᠠᠶᠢᠯᠠᠵᠤ᠂ ᠥᠷᠭᠡᠨ ᠣᠯᠠᠨ ᠲᠦᠮᠡᠨ ᠤ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠬᠠᠮᠠᠭᠠᠯᠠᠬᠤ᠂ ᠤᠰᠤᠨ ᠤ ᠡᠬᠢ ᠪᠠᠶᠠᠯᠢᠭ ᠢ ᠠᠷᠪᠢᠯᠠᠬᠤ ᠤᠬᠠᠮᠰᠠᠷᠲᠤ ᠦᠵᠡᠯ ᠤᠬᠠᠮᠰᠠᠷ ᠢ ᠴᠢᠩᠭᠠᠷᠠᠭᠤᠯᠪᠠ᠃    ᠲᠣᠰ ᠤᠳᠠᠭᠠᠨ ᠤ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠤᠰᠤ ᠲᠠᠲᠠᠬᠤ ᠡᠷᠦᠬᠡ ᠶᠢᠨ ᠬᠠᠤᠯᠢ ᠲᠣᠭᠲᠠᠭᠠᠯ ᠳᠤ ᠨᠡᠶᠢᠴᠡᠭᠦᠯᠦᠨ ᠤᠰᠤ ᠲᠠᠲᠠᠵᠤ ᠬᠡᠷᠡᠭᠯᠡᠬᠦ ᠬᠠᠷᠢᠭᠤᠴᠠᠯᠭᠠᠲᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠰᠤ ᠲᠠᠲᠠᠬᠤ ᠡᠷᠦᠬᠡ ᠶᠢᠨ ᠤᠰᠤ ᠲᠠᠲᠠᠬᠤ ᠲᠥᠬᠦᠭᠡᠷᠦᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠬᠢᠨᠠᠨ ᠵᠢᠯᠣᠭᠤᠳᠪᠠ᠃ ᠡᠭᠦᠨ ᠤ ᠬᠠᠮᠲᠤ᠂ ᠦᠢᠯᠡᠳᠦᠯᠭᠡ ᠶᠢᠨ ᠳᠤᠮᠳᠠ ᠲᠤᠬᠠᠶᠢᠯᠠᠭᠰᠠᠨ ᠠᠵᠢᠯ ᠤᠨ ᠠᠵᠢᠯᠲᠠᠨ ᠤ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ᠂ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠪᠠ ᠵᠦᠶ ᠵᠣᠬᠢᠰᠲᠠᠶ ᠠᠰᠢᠭᠯᠠᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号